ᠮᠤᠷᠠᠯ ᠬᠥᠮᠦᠵᠢᠯ
ᠯᠢᠨᠳᠦ᠋ᠩ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠨᠢ《 ᠰᠤᠷᠭᠠᠭᠤᠯᠢ ᠶᠢᠨ ᠵᠢᠵᠢᠭᠦᠷ ᠰᠤᠷᠤᠭᠴᠢ  ᠶᠢᠨ ᠪᠣᠯᠪᠠᠰᠤᠷᠠᠯ》 ᠬᠢᠪᠡ
2012.10.11 ᠲᠣᠰ ᠥᠷᠲᠡᠭᠡᠨ ᠦ ᠨᠠᠢᠷᠠᠭᠤᠯᠤᠭᠴᠢ

    ᠯᠢᠨᠳᠦ᠋ᠩ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠣᠰᠢᠭᠤᠴᠢ ᠠᠩᠭᠢ ᠶᠢᠨ ᠶᠡᠬᠡ ᠠᠩᠭᠢ  ᠡᠴᠡ 《 ᠰᠤᠷᠭᠠᠭᠤᠯᠢ ᠶᠢᠨ ᠵᠢᠵᠢᠭᠦᠷ ᠰᠤᠷᠤᠭᠴᠢ ᠶᠢᠨ ᠪᠣᠯᠪᠠᠰᠤᠷᠠᠯ》 ᠢ ᠡᠷᠬᠢᠯᠡᠨ ᠬᠢᠪᠡ ᠃ ᠰᠤᠷᠭᠠᠭᠤᠯᠢ ᠶᠢᠨ ᠵᠢᠵᠢᠭᠦᠷ ᠰᠤᠷᠤᠭᠴᠢ ᠪᠣᠯ ᠰᠤᠷᠤᠭᠴᠢ ᠡᠴᠡ ᠰᠤᠷᠭᠠᠭᠤᠯᠢ ᠶᠢᠨ ᠬᠠᠮᠢᠶᠠᠷᠤᠯᠲᠠ ᠳᠤ ᠣᠷᠤᠯᠴᠠᠬᠤ ᠴᠢᠬᠤᠯᠠ ᠡᠩᠨᠡᠭᠡ ᠪᠣᠯᠬᠤ ᠪᠥᠭᠡᠳ ᠰᠤᠷᠤᠭᠴᠢ ᠶᠢᠨ ᠥᠪᠡᠷ ᠢ ᠪᠠᠨ ᠥᠪᠡᠷ ᠢᠶᠠᠨ ᠬᠠᠮᠢᠶᠠᠷᠴᠤ ᠂ ᠥᠪᠡᠷ ᠢ ᠪᠠᠨ ᠲᠡᠭᠦᠯᠳᠡᠷᠵᠢᠭᠦᠯᠬᠦ 《 ᠪᠡᠶ᠎ᠡ ᠪᠠᠨ ᠳᠠᠭᠠᠭᠠᠬᠤ ᠬᠥᠮᠦᠵᠢᠯ》 ᠬᠢᠬᠦ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ ᠃ ᠲᠤᠰ ᠤᠳᠠᠭᠠᠨ ᠤ ᠪᠣᠯᠪᠠᠰᠤᠷᠠᠯ ᠳᠤ ᠪᠠᠨ ᠂ 《 ᠰᠤᠷᠭᠠᠭᠤᠯᠢ ᠶᠢᠨ ᠵᠢᠵᠢᠭᠦᠷ ᠤᠨ ᠠᠵᠢᠯ ᠤᠨ ᠠᠭᠤᠯᠭ᠎ᠠ 》 ᠬᠢᠭᠡᠳ 《 ᠵᠢᠵᠢᠭᠦᠷ ᠰᠤᠷᠤᠭᠴᠢ ᠶᠢᠨ ᠠᠵᠢᠯ ᠤᠨ ᠱᠠᠭᠠᠷᠳᠠᠯᠭ᠎ᠠ》 ᠶᠢ ᠲᠣᠳᠤᠷᠬᠠᠢᠯᠠᠵᠤ ᠰᠤᠷᠤᠯᠴᠠᠭᠤᠯᠤᠨ ᠂ ᠵᠢᠵᠢᠭᠦᠷ ᠰᠤᠷᠤᠭᠴᠢ ᠪᠣᠯᠤᠭᠰᠠᠳ ᠥᠪᠡᠷ ᠢ ᠪᠠᠨ ᠬᠡᠷᠬᠢᠨ ᠱᠠᠭᠠᠷᠳᠠᠪᠠᠯ ᠵᠣᠬᠢᠬᠤ ᠲᠤᠬᠠᠢ ᠪᠣᠳᠠᠲᠠᠢ ᠦᠢᠯᠭᠠᠭᠤᠯᠤᠨ ᠂ ᠰᠤᠷᠭᠠᠭᠤᠯᠢ ᠶᠢᠨ ᠢᠶᠠᠨ ᠪᠣᠳᠠᠲᠠᠢ ᠪᠠᠢᠳᠠᠯ ᠲᠠᠢ ᠤᠶᠠᠯᠳᠤᠭᠤᠯᠤᠨ ᠵᠢᠵᠢᠭᠦᠷ ᠤᠨ ᠠᠵᠢᠯ ᠢᠶᠠᠨ ᠬᠡᠷᠬᠢᠨ ᠬᠢᠪᠡᠯ ᠵᠣᠬᠢᠬᠤ ᠲᠤᠬᠠᠢ ᠰᠠᠨᠠᠭᠤᠯᠤᠭᠰᠠᠨ ᠪᠠᠢᠨ᠎ᠠ ᠃ ᠵᠢᠵᠢᠭᠦᠷ ᠤᠨ ᠠᠵᠢᠯ  ᠢ ᠭᠦᠢᠴᠡᠳᠬᠡᠬᠦ ᠶᠠᠪᠤᠴᠠ ᠳᠤ ᠦᠷ᠎ᠡ ᠠᠰᠢᠭᠲᠠᠢ ᠪᠠᠢᠬᠤ ᠶᠢ ᠱᠠᠭᠠᠷᠳᠠᠵᠤ ᠂ ᠭᠦᠢᠴᠡᠳᠬᠡᠬᠦ ᠠᠷᠭ᠎ᠠ ᠠᠪᠴᠠᠯ ᠤᠨ ᠲᠠᠯ᠎ᠠ ᠳᠤ ᠵᠢᠯᠤᠭᠤᠳᠤᠯᠭ᠎ᠠ ᠬᠢᠵᠦ ᠂ ᠵᠢᠵᠢᠭᠦᠷ ᠤᠨ ᠠᠵᠢᠯ ᠢᠶᠠᠷ ᠳᠠᠮᠵᠢᠭᠤᠯᠵᠤ ᠰᠤᠷᠭᠠᠭᠤᠯᠢ ᠶᠢᠨ ᠵᠤᠷᠰᠢᠯᠲᠤ ᠬᠠᠮᠢᠶᠠᠷᠤᠯᠲᠠ ᠶᠢᠨ ᠨᠡᠩ ᠲᠦᠷᠢᠮᠵᠢᠭᠦᠨ ᠪᠣᠯᠬᠤ ᠶᠢ ᠠᠬᠢᠭᠤᠯᠬᠤ ᠶᠢ ᠵᠣᠷᠢᠪᠠ ᠃

    ᠵᠢᠷᠤᠭ ᠮᠡᠳᠡᠭᠡᠯᠡᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持