ᠮᠤᠷᠠᠯ ᠬᠥᠮᠦᠵᠢᠯ
ᠤᠯᠠᠭᠠᠨᠳᠠᠪᠠᠭ᠎ᠠ ᠰᠤᠮᠤᠨ ᠤ ᠮᠣᠩᠭᠤᠯ ᠦᠨᠳᠦᠰᠦᠲᠡᠨ  ᠤ ᠪᠠᠢᠷᠢᠯᠠᠬᠤ ᠳᠦᠷᠢᠮᠲᠦ ᠰᠤᠷᠭᠠᠭᠤᠯᠢ ᠨᠢ ᠰᠤᠷᠭᠠᠭᠤᠯᠢ ᠶᠢᠨ ᠰᠣᠶᠤᠯ ᠤᠨ ᠪᠦᠲᠦᠭᠡᠨ ᠪᠠᠢᠭᠤᠯᠤᠯᠲᠠ ᠪᠡᠨ ᠴᠢᠩᠭᠠᠳᠭᠠᠪᠠ
2012.09.25 ᠲᠣᠰ ᠥᠷᠲᠡᠭᠡᠨ ᠦ ᠨᠠᠢᠷᠠᠭᠤᠯᠤᠭᠴᠢ

    ᠤᠯᠠᠭᠠᠨᠳᠠᠪᠠᠭ᠎ᠠ ᠰᠤᠮᠤᠨ ᠤ ᠪᠠᠢᠷᠢᠯᠠᠬᠤ ᠳᠦᠷᠢᠮᠲᠦ ᠰᠤᠷᠭᠠᠭᠤᠯᠢ ᠨᠢ ᠰᠤᠷᠭᠠᠭᠤᠯᠢ ᠶᠢᠨ ᠰᠣᠶᠤᠯ ᠤᠨ ᠪᠦᠲᠦᠭᠡᠨ  ᠪᠠᠢᠭᠤᠯᠤᠯᠲᠠ  ᠶᠢ ᠬᠦᠨᠳᠦᠳᠭᠡᠨ ᠦᠵᠡᠵᠦ ᠂ ᠣᠷᠴᠢᠨ ᠲᠣᠭᠤᠷᠢᠨ ᠢᠶᠠᠷ ᠰᠤᠷᠤᠭᠴᠢ ᠶᠢ ᠬᠥᠮᠦᠵᠢᠭᠦᠯᠬᠦ ᠶᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠨ ᠠᠳᠭᠤᠪᠠ ᠃   ᠲᠤᠰ  ᠬᠤᠭᠤᠴᠠᠭᠠᠨ  ᠳᠤ ᠰᠤᠷᠭᠠᠭᠤᠯᠢ ᠶᠢᠨ ᠵᠠᠬᠢᠷᠤᠯ ᠭᠡᠷᠡᠯᠲᠦ ᠨᠥᠬᠦᠷ ᠰᠤᠷᠭᠠᠭᠤᠯᠢ ᠶᠢᠨ ᠵᠠᠷᠤᠳᠠᠯ ᠮᠥᠩᠭᠦ  ᠬᠦᠷᠦᠯᠴᠠᠬᠦ ᠦᠭᠡᠢ ᠬᠦᠴᠢᠷᠳᠡᠯ ᠢ ᠲᠡᠪᠴᠢᠨ ᠂ ᠤᠯᠠᠨ ᠠᠷᠭ᠎ᠠ ᠵᠠᠮ ᠢᠶᠠᠷ ᠪᠡᠯᠡ ᠮᠥᠩᠭᠦ ᠭᠤᠶᠤᠴᠢᠯᠠᠨ ᠴᠤᠭᠯᠠᠭᠤᠯᠵᠤ ᠂ ᠬᠡᠳᠦᠨ ᠮᠢᠩᠭᠠᠨ ᠲᠥᠭᠦᠷᠢᠭ ᠵᠠᠷᠤᠴᠠᠭᠤᠯᠵᠤ ᠠᠰᠠᠷ ᠤᠨ ᠭᠤᠳᠤᠮᠵᠢ ᠶᠢᠨ ᠬᠠᠨ᠎ᠠ ᠳᠤ ᠪᠠᠶᠠᠯᠢᠭ ᠠᠭᠤᠯᠭ᠎ᠠ ᠪᠦᠬᠦᠢ  ᠵᠢᠷᠤᠭᠳᠦ ᠬᠠᠪᠲᠠᠰᠤ ᠲᠠᠭᠠᠷᠠᠭᠤᠯᠵᠤ ᠂ ᠣᠷᠴᠢᠨ ᠲᠣᠭᠤᠷᠢᠨ ᠢᠶᠠᠷ ᠰᠤᠷᠤᠭᠴᠢ ᠶᠢ ᠬᠥᠮᠦᠵᠢᠭᠦᠯᠬᠦ ᠶᠢ ᠰᠤᠷᠭᠠᠭᠤᠯᠢ ᠶᠢᠨ  ᠰᠣᠶᠤᠯ  ᠤᠨ ᠪᠦᠲᠦᠭᠡᠨ ᠪᠠᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠨ ᠦᠷᠨᠢᠬᠦᠯᠦᠭᠰᠡᠨ ᠪᠠᠢᠨ᠎ᠠ ᠃ ᠵᠢᠷᠤᠭᠳᠦ  ᠬᠠᠪᠲᠠᠰᠤ ᠨᠢ ᠠᠭᠤᠯᠭ᠎ᠠ ᠪᠠᠷ ᠪᠠᠶᠠᠯᠢᠭ  ᠂ ᠰᠤᠷᠤᠭᠴᠢ ᠳᠤ ᠦᠨᠳᠦᠰᠦᠲᠡᠨ ᠤ ᠵᠠᠩ ᠦᠢᠯᠡ ᠶᠢᠨ ᠮᠡᠳᠡᠯᠭᠡ ᠣᠯᠭᠤᠬᠤ  ᠮᠥᠷᠲᠡᠭᠡᠨ ᠰᠤᠷᠭᠠᠯ ᠦᠭᠡ ᠂ ᠮᠡᠷᠭᠡᠳ ᠤᠨ ᠦᠭᠡ ᠂ ᠵᠦᠢᠷ ᠦᠭᠡ ᠂ ᠮᠣᠩᠭᠤᠯ ᠡᠷᠳᠡᠮᠲᠡᠳ ᠤᠨ ᠲᠠᠨᠢᠯᠴᠠᠭᠤᠯᠭ᠎ᠠ ᠂  ᠰᠤᠷᠭᠠᠨ ᠬᠥᠮᠦᠵᠢᠯ ᠤᠨ ᠶᠣᠰᠤ ᠵᠦᠢ ᠵᠡᠷᠭᠡ ᠪᠠᠶᠠᠯᠢᠭ ᠠᠭᠤᠯᠭ᠎ᠠ ᠲᠠᠢ ᠤᠬᠠᠭᠠᠷᠠᠭᠤᠯᠬᠤ ᠶᠣᠰᠤ ᠵᠦᠢ ᠶᠢ ᠵᠢᠷᠤᠭ  ᠦᠰᠦᠭ ᠬᠠᠪᠰᠤᠷᠭᠠᠨ ᠨᠠᠢᠷᠠᠭᠤᠯᠵᠤ ᠠᠩᠭᠢ  ᠂ ᠂ᠪᠠᠢᠷᠢ ᠶᠢᠨ ᠠᠰᠠᠷ ᠤᠨ ᠭᠤᠳᠤᠮᠵᠢ ᠶᠢᠨ ᠬᠠᠨ᠎ᠠ ᠂ ᠲᠣᠭᠤᠭᠠᠨ ᠭᠡᠷ  ᠤᠨ ᠬᠠᠨ᠎ᠠ ᠶᠢ ᠵᠠᠰᠠᠨ ᠴᠢᠮᠡᠵᠦ ᠂ ᠤᠩᠰᠢᠭᠰᠠᠨ ᠪᠦᠬᠦᠨ ᠳᠤ ᠣᠯᠤᠯᠲᠠ ᠲᠠᠢ ᠂ ᠦᠵᠡᠭᠰᠡᠨ ᠪᠦᠬᠦᠨ ᠳᠤ ᠲᠥᠷᠦᠭᠳᠡᠯ  ᠲᠠᠢ ᠰᠤᠷᠭᠠᠨ ᠬᠥᠮᠦᠵᠢᠭᠦᠯᠬᠦ ᠰᠠᠷᠠᠭᠤᠯ ᠠᠭᠤᠯᠭ᠎ᠠ  ᠲᠠᠢ ᠨᠢᠭᠡ ᠬᠤᠪᠢ ᠰᠤᠷᠭᠠᠭᠤᠯᠢ ᠶᠢᠨ ᠰᠣᠶᠤᠯ ᠤᠨ ᠥᠪ ᠪᠣᠯᠵᠤ  ᠪᠦᠷᠢᠯᠳᠦᠭᠰᠡᠨ ᠪᠠᠢᠨ᠎ᠠ ᠃

ᠵᠣᠬᠢᠶᠠᠭᠴᠢ :ᠲᠦᠪᠰᠢᠨᠵᠢᠷᠭᠠᠯ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持