ᠮᠤᠷᠠᠯ ᠬᠥᠮᠦᠵᠢᠯ
ᠯᠢᠨᠳᠦ᠋ᠩ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠨᠢ ᠲᠤᠰ ᠰᠤᠷᠤᠯᠭ᠎ᠠ ᠶᠢᠨ ᠵᠢᠯ ᠤᠨ ᠢᠶᠠᠨ ᠡᠬᠢᠨ  ᠳᠤ ᠰᠢᠨ᠎ᠡ ᠬᠣᠰᠢᠭᠤᠴᠢ ᠠᠩᠭᠢ ᠶᠢᠨ ᠭᠡᠰᠢᠭᠦᠨ ᠡᠯᠰᠡᠪᠡ
2012.09.14 ᠲᠣᠰ ᠥᠷᠲᠡᠭᠡᠨ ᠦ ᠨᠠᠢᠷᠠᠭᠤᠯᠤᠭᠴᠢ

    ᠯᠢᠨᠳᠦ᠋ᠩ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠨᠢ ᠣᠷᠴᠢᠮ ᠤᠨ ᠬᠣᠶᠠᠷ ᠵᠢᠯ ᠬᠣᠰᠢᠭᠤᠴᠢ ᠠᠩᠭᠢ ᠶᠢᠨ ᠵᠣᠬᠢᠶᠠᠨ ᠪᠠᠢᠭᠤᠯᠤᠯᠲᠠ ᠪᠠᠨ ᠴᠢᠩᠭᠠᠳᠭᠠᠵᠤ ᠂ ᠬᠣᠰᠢᠭᠤᠴᠢ ᠠᠩᠭᠢ ᠶᠢᠨ ᠭᠡᠰᠢᠭᠦᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠨ ᠠᠩᠬᠠᠷᠤᠭᠰᠠᠨ ᠪᠠᠢᠨ᠎ᠠ ᠃
ᠲᠤᠰ ᠭᠠᠷᠠᠭ ᠤᠨ ᠨᠢᠭᠡᠨ ᠤ ᠠᠩᠭᠢ  ᠶᠢᠨ ᠬᠤᠷᠠᠯ ᠤᠨ ᠴᠠᠭ ᠢ ᠲᠣᠬᠢᠶᠠᠯᠳᠤᠭᠤᠯᠤᠨ ᠂ ᠰᠢᠨ᠎ᠡ ᠨᠢᠭᠡᠳᠦᠭᠡᠷ ᠤᠨ ᠤ ᠰᠤᠷᠤᠭᠴᠢᠳ ᠢᠶᠠᠨ ᠬᠣᠰᠢᠭᠤᠴᠢ ᠠᠩᠭᠢ ᠳᠤ ᠡᠯᠰᠡᠬᠦ ᠶᠣᠰᠤᠯᠠᠯ ᠶᠠᠪᠤᠭᠳᠠᠭᠤᠯᠵᠤ ᠂ ᠪᠢᠴᠢᠬᠠᠨ ᠰᠤᠷᠤᠭᠴᠢᠳ ᠲᠤ ᠪᠠᠨ ᠬᠣᠰᠢᠭᠤᠴᠢ ᠠᠩᠭᠢ ᠶᠢᠨ ᠠᠩᠬᠠᠨ ᠤ ᠮᠡᠳᠡᠯᠭᠡ ᠶᠢ ᠣᠯᠭᠤᠪᠠ ᠃ ᠶᠡᠬᠡ ᠠᠩᠭᠢ ᠶᠢᠨ ᠬᠠᠪᠰᠤᠷᠤᠨ ᠵᠢᠯᠤᠭᠤᠳᠤᠭᠴᠢ ᠵᠢᠷᠤᠭ ᠪᠠᠭᠰᠢ ᠡᠴᠡ ᠬᠣᠰᠢᠭᠤᠴᠢ ᠠᠩᠭᠢ ᠶᠢᠨ ᠰᠢᠨᠵᠢ ᠴᠢᠨᠠᠷ ᠂ ᠠᠩᠭᠢ ᠶᠢᠨ ᠭᠡᠰᠢᠭᠦᠨ ᠤ ᠬᠡᠪ ᠪᠣᠯᠪᠠᠰᠤᠷᠠᠯ ᠂ ᠤᠯᠠᠭᠠᠨ ᠪᠦᠴᠡ ᠶᠢᠨ ᠢᠷᠡᠯᠲᠡ ᠶᠢᠨ ᠲᠤᠬᠠᠢ ᠂ ᠬᠡᠷᠬᠢᠨ ᠬᠠᠢᠷᠠᠯᠠᠨ ᠬᠦᠨᠳᠦᠳᠭᠡᠬᠦ ᠂ ᠂ ᠂ ᠂ ᠂ ᠵᠡᠷᠭᠡ ᠲᠠᠯ᠎ᠠ ᠪᠠᠷ ᠨᠠᠷᠢᠯᠢᠭ ᠲᠠᠢᠯᠤᠮᠵᠢ ᠬᠢᠪᠡ ᠃ ᠳᠤᠮᠳᠠ ᠠᠩᠭᠢ ᠶᠢᠨ ᠬᠠᠪᠰᠤᠷᠤᠨ ᠵᠢᠯᠤᠭᠤᠳᠤᠭᠴᠢ ᠨᠠᠷᠠᠨᠲᠤᠩᠭᠠᠯᠠᠭ ᠪᠠᠭᠰᠢ ᠬᠢᠭᠡᠳ ᠰᠡᠷᠭᠦᠯᠡᠩ ᠪᠠᠭᠰᠢ  ᠡᠴᠡ ᠠᠩᠭᠢ ᠶᠢᠨ ᠭᠡᠰᠢᠭᠦᠳ ᠲᠤ ᠪᠠᠨ ᠤᠯᠠᠭᠠᠨ ᠪᠦᠴᠡ ᠵᠡᠭᠦᠯᠭᠡᠪᠡ ᠃ ᠡᠨᠡ ᠤᠳᠠᠭᠠᠨ ᠤ ᠬᠥᠳᠡᠯᠭᠡᠭᠡᠨ ᠨᠢ ᠂ ᠪᠠᠭ᠎ᠠ ᠬᠡᠦᠬᠡᠳ ᠤᠨ ᠬᠣᠰᠢᠭᠤᠴᠢ ᠠᠩᠭᠢ ᠶᠢᠨ ᠭᠡᠰᠢᠭᠦᠨ ᠪᠣᠯᠤᠭᠰᠠᠨ  ᠤ ᠳᠠᠷᠠᠭᠠᠬᠢ ᠂ ᠥᠪᠡᠷ ᠢ ᠪᠠᠨ ᠪᠦᠬᠦ ᠲᠠᠯ᠎ᠠ ᠪᠠᠷ ᠬᠥᠮᠦᠵᠢᠭᠦᠯᠬᠦ ᠦᠵᠡᠯ ᠤᠬᠠᠮᠰᠠᠷ ᠤᠨ ᠳᠡᠭᠡᠭᠰᠢᠯᠡᠯᠲᠡ ᠳᠤ ᠶᠡᠬᠡᠬᠡᠨ ᠨᠥᠯᠦᠭᠡ ᠦᠵᠡᠭᠦᠯᠬᠦ ᠨᠢ ᠯᠠᠪᠲᠠᠢ ᠶᠤᠮ ᠃ 2012 ᠤᠨ  ᠤ 9 ᠰᠠᠷ᠎ᠠ ᠶᠢᠨ 24
ᠵᠣᠬᠢᠶᠠᠭᠴᠢ ᠄ ᠵᠢᠷᠤᠭ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持