ᠦᠨᠳᠦᠰᠦᠲᠡᠨ ᠦ ᠳᠤᠮᠳᠠᠳᠤ ᠪᠠᠭ᠎ᠠ ᠰᠤᠷᠭᠠᠭᠤᠯᠢ ᠶᠢᠨ ᠲᠣᠢ᠌ᠮᠤ
ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ
2015.06.02 ᠲᠣᠰ ᠥᠷᠲᠡᠭᠡᠨ ᠦ ᠨᠠᠢᠷᠠᠭᠤᠯᠤᠭᠴᠢ

 

    ᠨᠢᠭᠡ ᠂ ᠴᠡᠴᠡᠷᠯᠢᠭ ᠤᠨ ᠦᠨᠳᠦᠰᠦᠨ ᠪᠠᠢᠳᠠᠯ ᠄
  ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ1980 ᠤᠨ ᠤ 9 ᠰᠠᠷ᠎ᠠ ᠳᠤ ᠠᠩᠬ᠎ᠠ ᠪᠠᠢᠭᠤᠯᠤᠭᠳᠠᠭᠰᠠᠨ ᠡᠴᠡ ᠨᠠᠰᠢ ᠂ ᠬᠡᠳᠦᠨ ᠠᠷᠪᠠᠨ ᠵᠢᠯ ᠤᠨ ᠲᠤᠷᠰᠢ ᠪᠡᠷᠬᠡ ᠬᠠᠲᠠᠭᠤᠵᠢᠯᠲᠠᠢ ᠲᠡᠦᠬᠡᠨ ᠴᠠᠭ ᠦᠶ᠎ᠡ ᠶᠢ ᠦᠩᠬᠡᠷᠡᠬᠡᠵᠤ ᠂ 2014ᠤᠨ ᠤ 9 ᠰᠠᠷ᠎ᠠ ᠳᠤ ᠤᠯᠠᠭᠠᠨᠬᠠᠳᠠ ᠬᠤᠳᠠ ᠶᠢᠨ < 2014 >ᠤᠨ ᠤ 34 ᠳ᠋ᠤᠬᠡᠷ ᠲᠣᠭᠠᠲᠤ ᠪᠢᠴᠢᠭ᠌ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠪᠠᠭᠠᠷᠢᠨ ᠵᠡᠭᠦᠨ ᠬᠣᠰᠢᠭᠤᠨ ᠤ ᠰᠤᠷᠭᠠᠨ ᠬᠥᠮᠦᠵᠢᠯ ᠤᠨ ᠳᠤᠪᠴᠢᠶᠠᠨ ᠤ ᠪᠣᠳᠠᠲᠠᠢ ᠳᠤᠬᠢᠷᠠᠭᠤᠯᠤᠯᠭ᠎ᠠ ᠪᠠᠷ ᠤᠤᠯ ᠤᠨ ᠯᠢᠨᠳᠦ᠋ᠩ ᠤᠨ ᠮᠣᠩᠭᠤᠯ ᠪᠠᠭ᠎ᠠ ᠰᠤᠷᠭᠠᠭᠤᠯᠢ ᠶᠢᠨ ᠬᠦᠷᠢᠶᠡᠨ ᠳᠤ ᠬᠠᠮᠢᠶᠠᠷᠤᠯᠲᠠ ᠢᠶᠡᠨ ᠳᠤᠰᠬᠠᠢᠵᠢᠭᠤᠯᠵᠤ ᠂ ᠬᠣᠰᠢᠭᠤᠨ ᠤ ᠴᠣᠷᠢ ᠶᠢᠨ ᠭᠠᠭᠴᠠ ᠳᠤᠰᠠᠭᠠᠷ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠪᠤᠯᠤᠨ ᠦᠬᠡᠳᠡᠯᠡᠨ ᠬᠥᠭᠵᠢᠬᠦ ᠪᠠᠷ ᠠᠩᠬᠠᠨ ᠤ ᠠᠯᠬᠤᠭ᠎ᠠ ᠪᠡᠨ ᠡᠬᠢᠯᠡᠬᠦᠯᠦᠭᠰᠡᠨ ᠶᠤᠮ ᠃
  ᠣᠳᠤ ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠵᠠᠯᠠᠭᠤ ᠢᠳᠡᠷ ᠪᠠᠭᠰᠢ ᠪᠡᠷ ᠭᠣᠣᠯᠯᠠᠭᠰᠠᠨ᠂ ᠬᠣᠷᠢᠨ ᠪᠠᠭᠰᠢ ᠠᠵᠢᠯᠲᠠᠨ ᠲᠠᠢ ᠵᠠᠭᠤ ᠭᠠᠷᠤᠢ ᠬᠡᠦᠬᠡᠳ ᠲᠠᠢ ᠂ ᠲᠠᠪᠤᠨ ᠠᠩᠭᠢ ᠨᠢᠭᠡᠴᠡ ᠲᠠᠢ ᠂ ᠴᠡᠪᠡᠷ ᠲᠣᠬᠢᠯᠢᠭ ᠠᠩᠭᠢ ᠶᠢᠨ ᠬᠡᠷ ᠪᠠ ᠤᠨᠲᠠᠯᠭ᠎ᠠ ᠶᠢᠨ ᠥᠷᠦᠭᠡ ᠲᠠᠢ ᠂ ᠭᠦᠢᠴᠡᠳ ᠬᠡᠮᠵᠢᠶᠡᠨ ᠤ ᠬᠡᠷ ᠤᠨ ᠭᠠᠳᠠᠨᠠᠬᠢ ᠬᠥᠳᠡᠯᠭᠡᠭᠡᠨ ᠤ ᠲᠠᠯᠠᠪᠤᠷ ᠲᠠᠢ ᠃ ᠬᠡᠦᠬᠡᠳ ᠢ ᠠᠰᠠᠷᠠᠨ ᠬᠥᠮᠦᠵᠢᠭᠦᠯᠬᠦ ᠦᠨᠳᠦᠰᠦᠨ ᠨᠥᠬᠦᠴᠡᠯ ᠦᠨᠳᠦᠰᠦᠨ ᠳᠡᠭᠡᠨ ᠪᠦᠷᠢᠳᠦᠭᠰᠡᠨ ᠴᠡᠴᠡᠷᠯᠢᠭ ᠪᠤᠯᠤᠨ ᠪᠦᠲᠦᠭᠡᠨ ᠪᠠᠢᠭᠤᠯᠤᠭᠳᠠᠭᠰᠡᠨ ᠪᠠᠢᠨ᠎ᠠ ᠃
  ᠤᠯᠠᠭᠠᠨᠬᠠᠳᠠ ᠬᠤᠳᠠ ᠶᠢᠨ ᠦᠨᠳᠦᠰᠦᠲᠡᠨ ᠤ ᠰᠤᠷᠭᠠᠨ ᠬᠥᠮᠦᠵᠢᠯ ᠢ ᠲᠦᠯᠬᠢᠨ ᠠᠬᠢᠭᠤᠯᠬᠤ ᠲᠤᠬᠠᠢ ᠪᠢᠴᠢᠭ᠌ ᠮᠠᠲ᠋ᠧᠷᠢᠶᠠᠯ ᠳᠤ ᠬᠣᠰᠢᠭᠤ ᠰᠢᠶᠠᠨ ᠳᠤ ᠠᠳᠠᠭ ᠲᠤ ᠪᠠᠨ ᠨᠢᠭᠡ ᠡᠴᠡ ᠬᠣᠶᠠᠷ ᠰᠠᠭᠤᠷᠢ ᠲᠤᠰᠭᠠᠷ ᠮᠣᠩᠭᠤᠯ ᠢᠶᠠᠷ ᠬᠢᠴᠢᠶᠡᠯᠯᠡᠬᠦ ᠬᠡᠦᠬᠡᠳ ᠤᠨ ᠴᠡᠴᠡᠷᠯᠢᠭ ᠪᠠᠢᠬᠤ ᠬᠡᠷᠡᠭᠲᠡᠢ ᠮᠥᠷᠲᠡᠭᠡᠨ ᠮᠣᠩᠭᠤᠯ ᠢᠶᠠᠷ ᠬᠡᠦᠬᠡᠳ ᠤᠨ ᠴᠡᠴᠡᠷᠯᠢᠭ ᠨᠢ ᠰᠦᠢᠳᠭᠡᠯ ᠬᠤᠷᠢᠶᠠᠬᠤ ᠦᠭᠡᠢ ᠪᠠᠢᠵᠤ᠂ ᠲᠤᠰ ᠭᠠᠵᠠᠷ ᠣᠷᠤᠨ ᠤ ᠵᠠᠰᠠᠭ ᠤᠨ ᠣᠷᠳᠤᠨ ᠡᠴᠡ ᠬᠠᠷᠢᠭᠤᠴᠠᠬᠤ ᠬᠡᠷᠡᠭᠲᠡᠢ ᠭᠡᠵᠦ ᠲᠤᠭᠲᠠᠭᠰᠠᠨ ᠪᠠᠢᠨ᠎ᠠ᠃
  ᠬᠡᠷᠪᠡ ᠡᠯ᠎ᠡ ᠲᠡᠰ ᠤᠨ ᠴᠢᠷᠮᠠᠢᠯᠭ᠎ᠠ ᠪᠠᠷ ᠡᠨᠡᠬᠦ ᠵᠣᠷᠢᠭ ᠰᠠᠨᠠᠭ᠎ᠠ ᠨᠢ ᠲᠤᠤᠱᠠᠯᠠᠭᠤᠯᠤᠭᠳᠠᠬᠤ ᠳᠤ ᠭᠦᠷᠪᠡᠯ ᠮᠣᠩᠭᠤᠯ ᠬᠡᠦᠬᠡᠳ ᠤᠨ ᠴᠡᠴᠡᠷᠯᠢᠭ  ᠤᠨ ᠴᠡᠴᠡᠷᠯᠢᠭ ᠡᠷᠬᠢᠯᠡᠬᠦ ᠨᠥᠬᠦᠴᠡᠯ ᠨᠢ ᠣᠬᠤᠷᠬᠠᠨ ᠬᠤᠭᠤᠴᠠᠭᠠᠨ ᠳᠤ ᠰᠠᠢᠵᠢᠷᠠᠵᠤ ᠴᠢᠳᠠᠬᠤ ᠮᠥᠷᠲᠡᠭᠡᠨ ᠮᠣᠩᠭᠤᠯ ᠬᠡᠦᠬᠡᠳ ᠤᠨ ᠴᠡᠴᠡᠷᠯᠢᠭ ᠤᠨ ᠢᠷᠡᠭᠡᠳᠤᠢ ᠯᠠᠪᠲᠠᠢ ᠤᠯᠠᠮ ᠰᠠᠢᠨ ᠪᠣᠯᠵᠤ ᠴᠢᠳᠠᠬᠤ ᠨᠢ ᠶᠠᠷᠢᠶᠠᠨ ᠦᠭᠡᠢ᠃
ᠬᠣᠶᠠᠷ ᠂ ᠴᠡᠴᠡᠷᠯᠢᠭ ᠤᠨ ᠣᠳᠣᠬᠢ ᠠᠰᠠᠷᠠᠨ ᠬᠥᠮᠦᠵᠢᠭᠦᠯᠬᠦ ᠠᠵᠢᠯ ᠪᠠ ᠬᠣᠢᠰᠢᠳᠠ ᠶᠢᠨ ᠪᠠᠢᠳᠠᠯ ᠤᠨ ᠲᠤᠬᠠᠢ ᠄
  ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ< ᠬᠡᠦᠬᠡᠳ ᠤᠨ ᠴᠡᠴᠡᠷᠯᠢᠭ ᠤᠨ ᠬᠥᠳᠡᠯᠪᠦᠷᠢ > ᠵᠢᠴᠢ < 3-6 ᠨᠠᠰᠤᠨ ᠤ ᠬᠡᠦᠬᠡᠳ ᠤᠨ ᠰᠤᠷᠤᠯᠴᠠᠬᠤ ᠪᠠ ᠬᠥᠭᠵᠢᠯᠲᠡ ᠶᠢᠨ ᠵᠦᠭᠯᠡᠬᠦᠷ >  ᠢᠶᠡᠷ ᠦᠨᠳᠦᠰᠦᠯᠡᠯ ᠪᠣᠯᠭᠠᠵᠤ ᠂ < ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠴᠢᠬᠤᠯᠠᠴᠢᠯᠠᠵᠤ ᠂ ᠨᠠᠰᠤᠨ ᠲᠤᠷᠰᠢᠳᠠ ᠶᠢᠨ ᠬᠥᠭᠵᠢᠯᠲᠡ ᠳᠤ ᠰᠠᠭᠤᠷᠢ ᠶᠢ ᠲᠠᠯᠪᠢᠬᠤ ᠂ ᠴᠡᠴᠡᠷᠯᠢᠭ ᠡᠷᠬᠢᠯᠡᠬᠦ ᠦᠵᠡᠯ ᠰᠠᠨᠠᠭᠠᠨ ᠤ ᠳᠣᠣᠷ᠎ᠠ < ᠬᠡᠦᠬᠡᠳ ᠲᠤ ᠰᠠᠢᠨ ᠰᠠᠢᠬᠠᠨ ᠠᠮᠢᠳᠤᠷᠠᠵᠤ ᠰᠤᠷᠤᠯᠴᠠᠬᠤ ᠵᠠᠩ ᠳᠠᠳᠭᠠᠯ ᠢ ᠪᠦᠷᠢᠯᠳᠦᠭᠦᠯᠬᠦ ᠂ ᠬᠡᠦᠬᠡᠳ ᠤᠨ ᠪᠡᠶ᠎ᠡ ᠪᠠᠨ ᠲᠠᠭᠠᠵᠤ ᠰᠡᠳᠭᠢᠵᠦ ᠂ ᠤᠷᠤᠯᠳᠤᠵᠤ ᠂ ᠬᠥᠭᠵᠢᠬᠦ ᠶᠢ ᠴᠢᠬᠤᠯᠠᠴᠢᠯᠠᠬᠤ >ᠪᠠᠷ ᠠᠰᠠᠷᠠᠨ ᠬᠥᠮᠦᠵᠢᠭᠦᠯᠬᠦ ᠭᠣᠣᠯᠳᠠᠯᠭ᠎ᠠ ᠪᠠᠨ ᠪᠣᠯᠭᠠᠵᠤ ᠪᠠᠢᠬᠤ ᠶᠤᠮ ᠃
  ᠡᠭᠦᠨ ᠳᠤ ᠬᠡᠦᠬᠡᠳ ᠤᠨ ᠰᠤᠷᠭᠠᠨ ᠬᠥᠮᠦᠵᠢᠭᠦᠯᠬᠦ ᠠᠵᠢᠯ ᠳᠤ ᠡᠬᠡ ᠬᠡᠯᠡ ᠪᠠᠷ ᠢᠶᠡᠨ ᠤᠷᠠᠨ ᠲᠣᠳᠤ ᠶᠠᠷᠢᠵᠤ ᠴᠢᠳᠠᠬᠤ ᠂ ᠮᠣᠩᠭᠤᠯ ᠰᠣᠶᠤᠯ ᠂ ᠮᠣᠩᠭᠤᠯ ᠠᠮᠢᠳᠤᠷᠠᠯ ᠢᠶᠡᠨ ᠠᠩᠬ᠎ᠠ ᠠᠯᠬᠤᠮ ᠣᠢᠯᠭᠠᠬᠤ ᠶᠢ ᠦᠭᠡ ᠬᠡᠯᠡᠨ ᠤ ᠵᠢᠭᠠᠨ ᠰᠤᠷᠭᠠᠯᠲᠠ ᠳᠤ ᠪᠠᠨ ᠨᠡᠪᠴᠢᠬᠦᠯᠵᠤ ᠂   ᠮᠤᠨᠲᠸᠰᠰᠤᠷᠢ ᠶᠢᠨ ᠰᠤᠷᠭᠠᠨ ᠬᠥᠮᠦᠵᠢᠯ ᠢ ᠨᠡᠢᠭᠡᠮ ᠪᠠ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠳᠤ ᠪᠠᠨ ᠨᠡᠪᠴᠢᠬᠦᠯᠵᠤ ᠂ ᠬᠡᠦᠬᠡᠳ ᠤᠨ ᠪᠡᠶ᠎ᠡ ᠪᠠᠨ ᠳᠠᠭᠠᠭᠠᠵᠤ ᠰᠡᠳᠭᠢᠬᠦ ᠪᠠ ᠭᠠᠷ ᠬᠦᠳᠡᠯᠦᠨ ᠤᠷᠤᠯᠳᠤᠬᠤ ᠶᠢ ᠴᠢᠬᠤᠯᠠᠴᠢᠯᠠᠵᠤ ᠪᠠᠢᠬᠤ ᠶᠤᠮ ᠃
  ᠡᠭᠦᠨ ᠤ ᠳᠡᠭᠡᠷ᠎ᠡ ᠭᠦᠢᠴᠡᠳ ᠬᠡᠮᠵᠢᠶᠡᠨ ᠤ ᠬᠡᠷ ᠤᠨ ᠭᠠᠳᠠᠨᠠᠬᠢ ᠬᠥᠳᠡᠯᠭᠡᠭᠡᠨ ᠢᠶᠡᠷ ᠡᠷᠡᠭᠦᠯ ᠡᠩᠬᠡ ᠶᠢᠨ ᠬᠥᠮᠦᠵᠢᠯ ᠢ ᠴᠢᠩᠭᠠᠳᠭᠠᠵᠤ ᠂ ᠳᠠᠭᠤᠤ ᠬᠥᠭᠵᠢᠮ ᠪᠠ ᠤᠷᠠᠨ ᠵᠢᠷᠤᠭ ᠂ ᠭᠠᠷ ᠤᠷᠠᠯᠠᠯ ᠤᠨ ᠬᠥᠮᠦᠵᠢᠯ ᠢᠶᠡᠷ ᠬᠡᠦᠬᠡᠳ ᠤᠨ ᠤᠷᠠᠯᠢᠭ ᠤᠨ ᠴᠢᠳᠠᠪᠤᠷᠢ ᠶᠢᠨ ᠰᠠᠭᠤᠷᠢ ᠶᠢ ᠲᠠᠯᠪᠢᠵᠤ ᠪᠠᠢᠬᠤ ᠶᠤᠮ ᠃
  ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠣᠳᠣᠬᠠᠨ ᠳᠤ ᠰᠠᠷ᠎ᠠ ᠶᠢᠨ ᠭᠣᠣᠯ ᠰᠡᠳᠤᠪᠳᠤ ᠠᠵᠢᠯᠯᠠᠭᠠᠨ ᠂ ᠭᠠᠷᠠᠭ ᠤᠨ ᠰᠤᠷᠭᠠᠨ ᠬᠥᠮᠦᠵᠢᠭᠦᠯᠬᠦ ᠠᠵᠢᠯᠯᠠᠭᠠᠨ ᠂ ᠨᠢᠭᠡ ᠡᠳᠦᠷ ᠤᠨ ᠠᠰᠠᠷᠠᠵᠤ ᠬᠥᠮᠦᠵᠢᠭᠦᠯᠬᠦ ᠠᠵᠢᠯᠯᠠᠭᠠᠨ ᠤ ᠳᠦᠷᠢᠮᠵᠢᠯ ᠢᠶᠡᠷ ᠦᠨᠳᠦᠰᠦ ᠪᠣᠯᠭᠠᠨ ᠂ ᠬᠡᠦᠬᠡᠳ ᠤᠨ ᠢᠳᠡᠵᠦ ᠠᠮᠠᠷᠠᠬᠤ ᠂ ᠬᠡᠷ ᠤᠨ ᠭᠠᠳᠠᠨᠠᠬᠢ ᠬᠥᠳᠡᠯᠭᠡᠭᠡᠨ ᠬᠢᠬᠦ ᠰᠤᠷᠭᠠᠨ ᠬᠥᠮᠦᠵᠢᠯ ᠤᠨ ᠬᠥᠳᠡᠯᠭᠡᠭᠡᠨ ᠳᠤ ᠣᠷᠤᠯᠴᠠᠬᠤ ᠰᠤᠷᠭᠠᠭᠤᠯᠢ ᠶᠢᠨ ᠭᠠᠳᠠᠨ᠎ᠠ ᠳᠤᠳᠤᠨᠠᠬᠢ ᠂ ᠨᠡᠢᠭᠡᠮ ᠤᠨ ᠤᠢᠯᠡᠳᠤᠯᠬᠡ ᠶᠢᠨ ᠠᠵᠢᠯᠯᠠᠭᠠᠨ ᠵᠡᠷᠭᠡ  ᠳᠤ ᠣᠷᠤᠯᠴᠠᠬᠤ ᠶᠢ ᠪᠦᠬᠦᠢᠯᠡ ᠴᠡᠴᠡᠷᠯᠢᠭ ᠤᠨ ᠠᠮᠢᠳᠤᠷᠠᠯ ᠳᠤ ᠠᠭᠤᠰᠭᠠᠵᠤ ᠂ ᠬᠡᠦᠬᠡᠳ ᠤᠨ ᠪᠠᠶᠠᠷ ᠪᠠᠶᠠᠰᠭᠤᠯᠠᠩ ᠲᠠᠢ ᠂ ᠡᠷᠬᠡ ᠴᠢᠯᠦᠭᠡ ᠲᠠᠢ ᠂ ᠤᠳᠭ᠎ᠠ ᠠᠭᠤᠯᠭ᠎ᠠ ᠲᠠᠢ ᠬᠡᠦᠬᠡᠳ ᠨᠠᠰᠤᠨ ᠤ ᠠᠮᠢᠳᠤᠷᠠᠯ ᠢ ᠥᠩᠭᠡᠷᠡᠬᠦ ᠶᠢ ᠴᠢᠬᠤᠯᠠᠴᠢᠯᠠᠵᠤ ᠪᠠᠢᠬᠤ ᠶᠤᠮ ᠃
  ᠳᠠᠷᠠᠭ᠎ᠠ ᠬᠤᠭᠤᠴᠠᠭ᠎ᠠ ᠡᠴᠡ ᠡᠬᠢᠯᠡᠨ ᠪᠢᠳᠡ ᠡᠳᠡᠭᠡᠷ ᠬᠡᠪ ᠤᠨ ᠠᠰᠠᠷᠠᠨ ᠬᠥᠮᠦᠵᠢᠭᠦᠯᠬᠦ ᠠᠵᠢᠯ ᠤᠨ ᠰᠠᠭᠤᠷᠢ ᠳᠡᠭᠡᠷ᠎ᠡ ᠴᠡᠴᠡᠷᠯᠢᠭ ᠤᠨ ᠪᠤᠯᠤᠩ ᠤᠨ ᠰᠤᠷᠭᠠᠨ ᠬᠥᠮᠦᠵᠢᠯ ᠢ ᠪᠦᠲᠦᠭᠡᠨ ᠪᠠᠢᠭᠤᠯᠬᠤ ᠪᠠᠷ ᠪᠡᠯᠡᠳᠭᠡᠵᠤ ᠪᠠᠢᠬᠤ ᠶᠤᠮ᠃ ᠣᠳᠣᠬᠠᠨ ᠳᠤ ᠡᠯ᠎ᠡ ᠵᠦᠢᠯ ᠤᠨ ᠪᠠᠭᠠᠵᠢ ᠲᠥᠬᠦᠭᠡᠷᠦᠮᠵᠢ ᠵᠢ ᠨᠢᠭᠡᠨᠲᠡ ᠵᠠᠭᠢᠶᠠᠯᠠᠭᠠᠳ ᠪᠠᠢᠨ᠎ᠠ᠃ ᠡᠨᠡ ᠨᠢ ᠬᠡᠦᠬᠡᠳ ᠤᠨ ᠨᠠᠰᠤᠨ ᠤ ᠣᠨᠴᠠᠯᠢᠭ ᠲᠤ ᠲᠣᠬᠢᠷᠠᠭᠤᠯᠤᠨ᠂ ᠤᠯᠠᠨ ᠲᠠᠯ᠎ᠠ ᠪᠠᠷ ᠴᠢᠯᠦᠭᠡᠲᠡᠢ ᠬᠥᠳᠡᠯᠭᠡᠭᠡᠨ ᠠᠵᠢᠯᠯᠠᠭᠠᠨ ᠦᠷᠨᠢᠭᠦᠯᠵᠤ ᠴᠢᠳᠠᠬᠤ ᠮᠥᠷᠲᠡᠭᠡᠨ ᠬᠡᠦᠬᠡᠳ ᠤᠨ ᠳᠤᠷ᠎ᠠ ᠪᠠᠬ᠎ᠠ ᠲᠠᠢ ᠵᠦᠢᠯ ᠢᠶᠠᠨ ᠢᠯᠡᠷᠡᠭᠦᠯᠵᠦ ᠥᠪᠡᠷᠮᠢᠴᠡ ᠣᠨᠴᠠᠯᠢᠭ ᠢᠶᠠᠨ ᠬᠥᠭᠵᠢᠭᠦᠯᠬᠦ ᠳᠤ ᠤᠯᠠᠮ ᠰᠠᠢᠨ ᠦᠢᠯᠡᠴᠢᠯᠡᠬᠦ ᠪᠣᠯᠤᠨ᠎ᠠ᠃
  ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠪᠠᠭᠠᠷᠢᠨ ᠵᠡᠭᠦᠨ ᠬᠣᠰᠢᠭᠤᠨ ᠤ ᠥᠷᠭᠡᠨ ᠤᠯᠠᠨ ᠮᠣᠩᠭᠤᠯᠴᠤᠳ ᠤᠨ ᠬᠡᠦᠬᠡᠳ ᠢᠶᠡᠨ ᠮᠣᠩᠭᠤᠯ ᠴᠡᠴᠡᠷᠯᠢᠭ ᠲᠤ ᠬᠦᠷᠭᠡᠨ ᠂ ᠮᠣᠩᠭᠤᠯ ᠢᠶᠡᠷ ᠢᠶᠡᠨ ᠰᠤᠷᠭᠠᠨ ᠬᠥᠮᠦᠵᠢᠯ ᠬᠦᠷᠲᠡᠬᠦ ᠶᠢ ᠤᠷᠢᠶᠠᠯᠠᠵᠤ ᠪᠠᠢᠬᠤ ᠪᠥᠭᠡᠳ ᠂ ᠮᠣᠩᠭᠤᠯ ᠬᠡᠦᠬᠡᠳ ᠂ ᠮᠣᠩᠭᠤᠯ ᠬᠡᠷ ᠤᠨ ᠠᠬᠠᠮᠠᠳ ᠂ ᠮᠣᠩᠭᠤᠯ ᠦᠨᠳᠦᠰᠦᠲᠡᠨ ᠳᠤ ᠪᠠᠨ ᠰᠢᠯᠢᠳᠡᠭ ᠰᠠᠢᠨ ᠬᠣᠢᠴᠢ ᠦᠶ᠎ᠡ ᠶᠢ ᠬᠥᠮᠦᠵᠢᠭᠦᠯᠬᠦ ᠪᠠᠲᠤ ᠰᠠᠭᠤᠷᠢ ᠶᠢ ᠲᠠᠯᠪᠢᠬᠤ ᠪᠠᠷ ᠵᠣᠷᠢᠭ ᠰᠢᠭᠤᠳᠴᠤ ᠪᠠᠢᠨ᠎ᠠ ᠃
  ᠤᠳᠤᠷᠢᠳᠬᠤ ᠪᠠᠭ
  ᠰᠡᠴᠡᠩᠭ᠋ᠤᠸ᠎ᠠ- ᠴᠡᠴᠡᠷᠯᠢᠭ᠌ ᠤᠨ ᠵᠠᠬᠢᠷᠤᠯ᠂ ᠠᠰᠫᠸᠷᠠᠨᠲ᠂ ᠳᠤᠮᠳᠠᠳᠤ ᠰᠤᠷᠭᠠᠭᠤᠯᠢ ᠶᠢᠨ ᠨᠢᠭᠡᠳᠤᠭᠡᠷ ᠳᠡᠰ ᠤᠨ ᠪᠠᠭᠰᠢ᠂ ᠬᠤᠰᠢᠭᠤᠨ ᠳᠡᠰ ᠤᠨ ᠵᠢᠭᠠᠨ ᠰᠤᠷᠭᠠᠬᠤ ᠴᠢᠳᠠᠪᠤᠷᠢᠳᠠᠨ᠃


  ᠡᠷᠳᠡᠨᠢᠴᠢᠮᠡᠭ᠌- ᠴᠡᠴᠡᠷᠯᠢᠭ᠌ ᠤᠨ ᠨᠠᠮ ᠤᠨ ᠡᠬᠦᠷ ᠤᠨ ᠱᠦᠵᠢ᠂ ᠳᠤᠮᠳᠠᠳᠤ ᠰᠤᠷᠭᠠᠭᠤᠯᠢ ᠶᠢᠨ ᠦᠨᠳᠦᠷ ᠳᠡᠰ ᠤᠨ ᠪᠠᠭᠰᠢ᠂ ᠬᠤᠳᠠ ᠶᠢᠨ ᠳᠡᠰ ᠤᠨ ᠬᠢᠴᠢᠶᠡᠯ ᠳᠦᠷᠥᠯ ᠤᠨ ᠳᠠᠭᠠᠭᠤᠯᠤᠭᠴᠢ᠃


  ᠤᠷᠬᠢᠯ- ᠴᠡᠴᠡᠷᠯᠢᠭ᠌ ᠤᠨ ᠠᠷᠤ ᠳᠠᠯ᠎ᠠ ᠶᠢᠨ ᠠᠵᠢᠯ ᠤᠨ ᠡᠷᠬᠢᠯᠡᠭ᠍ᠴᠢ᠂ ᠪᠠᠭ᠎ᠠ ᠰᠤᠷᠭᠠᠭᠤᠯᠢ ᠶᠢᠨ ᠦᠨᠳᠦᠷ ᠳᠡᠰ ᠤᠨ ᠪᠠᠭᠰᠢ᠂ ᠬᠤᠳᠠ ᠶᠢᠨ ᠳᠡᠰ ᠤᠨ ᠭᠤᠤᠯᠯᠠᠭᠴᠢ ᠪᠠᠭᠰᠢ᠃

 

 

ᠳᠠᠷᠠᠭᠠᠬᠢ ᠵᠣᠬᠢᠶᠠᠯᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持