ᠦᠨᠳᠦᠰᠦᠲᠡᠨ ᠦ ᠳᠤᠮᠳᠠᠳᠤ ᠪᠠᠭ᠎ᠠ ᠰᠤᠷᠭᠠᠭᠤᠯᠢ ᠶᠢᠨ ᠲᠣᠢ᠌ᠮᠤ
ᠯᠢᠠᠳᠦᠩ ᠤᠨ ᠮᠤᠩᠭ᠋ᠤᠯ ᠦᠨᠳᠦᠰᠦᠳᠡᠨ ᠣ᠋ ᠪᠠᠭ᠎ᠠ ᠰᠤᠷᠭᠠᠭᠤᠯᠢ
2012.08.12 ᠲᠣᠰ ᠥᠷᠲᠡᠭᠡᠨ ᠦ ᠨᠠᠢᠷᠠᠭᠤᠯᠤᠭᠴᠢ

    ᠲᠣᠪᠴᠢ ᠲᠠᠨᠢᠯᠴᠠᠭᠤᠯᠤᠯᠭ᠎ᠠ:

    ᠯᠢᠠᠳᠦᠩ ᠤᠨ ᠮᠣᠩᠭᠤᠯ ᠪᠠᠭ᠎ᠠ ᠰᠤᠷᠭᠠᠭᠤᠯᠢ ᠪᠣᠯ ᠤᠯᠠᠭᠠᠨᠬᠠᠳᠠ ᠬᠤᠳᠠ ᠶᠢᠨ ᠪᠠᠭᠠᠷᠢᠨ ᠵᠡᠭᠦᠨ ᠬᠣᠰᠢᠭᠤᠨ ᠤ ᠯᠢᠠᠳᠦᠩ ᠪᠠᠯᠭᠠᠰᠤᠨ ᠳᠤ ᠪᠠᠢᠷᠢᠰᠢᠵᠤ ᠪᠠᠢᠭ᠎ᠠ ᠴᠤᠷ ᠤᠨ ᠭᠠᠭᠴᠠ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠪᠣᠯᠤᠨ᠎ᠠ ᠃ ᠲᠤᠰ ᠰᠤᠷᠭᠠᠭᠤᠯᠢ ᠠᠯᠢ ᠡᠷᠲᠡ ᠳᠡᠭᠡᠷ᠎ᠡ ᠵᠠᠭᠤᠨ ᠤ ᠭᠤᠴᠢᠭᠠᠳ ᠤᠨ ᠳᠤ ᠪᠠᠢᠭᠤᠯᠤᠭᠳᠠᠵᠤ ᠂ ᠲᠦᠪᠡᠭ ᠪᠤᠳᠤᠯᠢᠶᠠᠨᠲᠠᠢ ᠲᠡᠦᠬᠡ ᠶᠢᠨ ᠤᠨ ᠰᠠᠷ᠎ᠠ ᠶᠢ ᠲᠤᠭᠤᠯᠵᠤ ᠬᠡᠳᠦᠨ ᠦᠶ᠎ᠡ ᠶᠢᠨ ᠬᠥᠮᠦᠰ ᠤᠨ ᠰᠢᠷᠭᠠᠭᠤ ᠴᠢᠷᠮᠠᠢᠯᠭ᠎ᠠ ᠂ ᠬᠠᠯᠠᠰᠢᠷᠠᠯ ᠦᠭᠡᠢ ᠳᠤᠳᠤᠮᠳᠤᠯᠭ᠎ᠠ ᠪᠠᠷ ᠪᠤᠲᠠᠷᠠᠵᠤ ᠨᠡᠢᠯᠡᠬᠦ ᠬᠦᠴᠢᠷ ᠲᠦᠪᠡᠭᠰᠢᠶᠡᠯᠳᠤ ᠴᠠᠭ ᠦᠶ᠎ᠡ ᠶᠢ ᠥᠩᠭᠡᠷᠡᠭᠡᠳ 1997 ᠣᠨ ᠳᠤ ᠯᠢᠨᠳᠦ᠋ᠩ ᠤᠨ ᠪᠠᠭᠰᠢ ᠶᠢᠨ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠪᠣᠯᠤᠭᠰᠠᠨ ᠡᠴᠡ ᠨᠠᠰᠢ ᠂ ᠣᠳᠤ ᠨᠢᠭᠡᠨᠲᠡ ᠴᠡᠪᠡᠷ ᠴᠡᠮᠴᠡᠭᠡᠷ ᠠᠰᠠᠷ ᠲᠠᠭᠲᠤ ᠲᠠᠢ ᠂ ᠠᠭᠤᠵᠢᠮ ᠲᠡᠨᠢᠭᠦᠨ ᠲᠠᠮᠢᠷ ᠤᠨ ᠲᠠᠯᠠᠪᠤᠷ ᠲᠠᠢ ᠂ ᠳᠥᠷᠪᠡᠨ ᠵᠠᠭᠤ ᠣᠷᠴᠢᠮ ᠰᠤᠷᠤᠭᠴᠢ ᠂ ᠲᠠᠪᠢᠭᠠᠳ ᠪᠠᠭᠰᠢ ᠠᠵᠢᠯᠲᠠᠨ ᠲᠠᠢ ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠤᠷᠤᠰᠭᠠᠯ ᠳᠤ ᠵᠦᠪ ᠴᠢᠭᠯᠡᠯ ᠢᠶᠠᠨ ᠣᠯᠵᠤ ᠂ ᠭᠦᠷᠦᠨ ᠤ ᠴᠡᠴᠡᠭᠯᠡᠯ ᠲᠠᠢ ᠵᠤᠤᠵᠠᠢ ᠬᠣᠯᠪᠤᠨ ᠤᠷᠤᠭᠰᠢᠯᠠᠵᠤ ᠪᠠᠢᠨ᠎ᠠ ᠃

    ᠲᠤᠰ ᠰᠤᠷᠭᠠᠭᠤᠯᠢ ᠨᠢ ᠣᠷᠴᠢᠮ ᠤᠨ ᠬᠡᠳᠦᠨ ᠵᠢᠯ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠᠷ ᠬᠢᠴᠢᠶᠡᠯ ᠬᠥᠮᠦᠵᠢᠯ ᠤᠨ ᠢᠶᠠᠨ ᠲᠦᠯᠬᠢᠴᠡ ᠬᠦᠴᠦᠨ ᠪᠣᠯᠭᠠᠨ ᠬᠢᠴᠢᠶᠡᠯ ᠤᠨ ᠲᠢᠩᠬᠢᠮ ᠤᠨ ᠵᠢᠭᠠᠨ ᠰᠤᠷᠭᠠᠯᠲᠠ ᠪᠠᠨ ᠰᠢᠯᠢᠳᠡᠭᠵᠢᠭᠦᠯᠬᠦ ᠪᠠᠷ ᠠᠵᠢᠯ ᠤᠨ ᠭᠣᠣᠯᠳᠠᠯᠭ᠎ᠠ ᠪᠣᠯᠭᠠᠵᠤ ᠂ ᠬᠣᠶᠠᠷ ᠡᠩᠨᠡᠭᠡᠨ ᠤ ᠪᠦᠲᠦᠭᠡᠨ ᠪᠠᠢᠭᠤᠯᠤᠯᠲᠠ ᠶᠢ ᠴᠢᠩᠭ᠎ᠠ ᠠᠳᠭᠤᠨ ᠂ ᠡᠯ᠎ᠡ ᠵᠦᠢᠯ ᠤᠨ ᠲᠦᠷᠢᠮ ᠲᠣᠭᠲᠠᠭᠠᠯ ᠢ ᠲᠡᠭᠦᠯᠳᠡᠷᠵᠢᠬᠦᠯᠦᠨ ᠲᠦᠷᠢᠮᠵᠢᠬᠦᠯᠵᠤ ᠂ ᠬᠡᠪ ᠴᠢᠨᠠᠷ ᠤᠨ ᠰᠤᠷᠭᠠᠨ ᠬᠥᠮᠦᠵᠢᠯ ᠤᠨ ᠬᠦᠴᠤᠯᠡᠴᠨ ᠪᠠᠨ ᠴᠢᠩᠭᠠᠳᠭᠠᠨ ᠂ ᠬᠤᠳᠠ ᠣᠷᠤᠨ ᠤ ᠬᠢᠴᠢᠶᠡᠯᠯᠡᠭᠡ ᠶᠢᠨ ᠲᠤᠷᠰᠢᠯᠲᠠ ᠶᠢᠨ ᠰᠡᠳᠦᠪ ᠢ ᠢᠳᠡᠪᠬᠢᠲᠡᠢ ᠲᠤᠷᠰᠢᠵᠤ ᠂ ᠠᠮᠵᠢᠯᠲᠠ ᠲᠡᠭᠦᠯᠳᠡᠷ ᠪᠠᠢᠨ᠎ᠠ ᠃ ᠡᠭᠦᠨ ᠤ ᠬᠠᠮᠲᠤ ᠰᠤᠷᠤᠭᠴᠢᠳ ᠤᠨ ᠳᠠᠳᠭᠠᠯ  ᠤᠨ ᠬᠥᠮᠦᠵᠢᠯ ᠢ ᠴᠢᠩᠭᠠᠳᠭᠠᠨ ᠂ ᠦᠨᠳᠦᠰᠦᠲᠡᠨ ᠤ ᠤᠯᠠᠮᠵᠢᠯᠠᠯᠲᠤ ᠰᠣᠶᠤᠯ ᠤᠨ ᠬᠥᠮᠦᠵᠢᠯ ᠢ ᠬᠢᠴᠢᠶᠡᠯ ᠤᠨ ᠲᠢᠩᠬᠢᠮ  ᠤᠨ ᠵᠢᠭᠠᠨ ᠰᠤᠷᠭᠠᠯᠲᠠ ᠪᠠ ᠬᠢᠴᠢᠶᠡᠯ ᠤᠨ ᠭᠠᠳᠠᠨᠠᠬᠢ ᠬᠥᠳᠡᠯᠭᠡᠭᠡᠨ ᠤ ᠳᠤᠮᠳᠠ ᠠᠭᠤᠰᠭᠠᠨ ᠤᠯᠠᠮᠵᠢᠯᠠᠨ ᠮᠡᠳᠡᠭᠦᠯᠬᠦ ᠶᠢ ᠵᠣᠷᠢᠵᠤ ᠂ ᠠᠨᠳᠠᠢ ᠪᠥᠵᠢᠭ ᠢᠶᠠᠷ ᠰᠤᠷᠭᠠᠭᠤᠯᠢ ᠶᠢᠨ ᠲᠠᠮᠢᠷ ᠪᠣᠯᠭᠠᠭᠰᠠᠨ ᠤ ᠬᠠᠮᠲᠤ ᠪᠥᠬᠡ ᠪᠠᠷᠢᠯᠳᠤᠬᠤ ᠂ ᠱᠠᠭ᠎ᠠ ᠨᠠᠭᠠᠳᠬᠤ ᠶᠢ ᠬᠢᠴᠢᠶᠡᠯ ᠤᠨ ᠭᠠᠳᠠᠨᠠᠬᠢ ᠬᠥᠳᠡᠯᠭᠡᠭᠡᠨ ᠪᠣᠯᠭᠠᠨ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ ᠂ ᠥᠪᠡᠷᠮᠢᠴᠡ ᠣᠨᠴᠠᠯᠢᠭ ᠢ  ᠨᠢ ᠪᠠᠳᠠᠷᠠᠭᠤᠯᠬᠤ ᠶᠢ ᠴᠢᠷᠮᠠᠢᠨ ᠪᠠᠶᠡᠯᠡᠬᠦᠯᠦᠭᠰᠡᠨ ᠡᠴᠡ ᠵᠢᠭᠠᠨ ᠰᠤᠷᠭᠠᠯᠲᠠ  ᠶᠢᠨ ᠦᠷ᠎ᠡ ᠪᠦᠲᠦᠮᠵᠢ ᠬᠣᠰᠢᠭᠤᠨ ᠤ ᠠᠳᠠᠯᠢ ᠲᠥᠷᠦᠯ ᠤᠨ ᠰᠤᠷᠭᠠᠭᠤᠯᠢ ᠶᠢᠨ ᠡᠮᠦᠨ᠎ᠡ ᠡᠩᠨᠡᠭᠡᠨ ᠳᠤ ᠬᠣᠰᠢᠭᠤᠷᠠᠵᠤ ᠂ ᠨᠡᠢᠭᠡᠮ ᠤᠨ ᠲᠠᠭᠠᠰᠢᠶᠠᠯ ᠂ ᠬᠡᠷ ᠤᠨ ᠠᠬᠠᠮᠠᠳ ᠤᠨ ᠢᠲᠡᠭᠡᠯ ᠢ ᠣᠯᠵᠤ ᠂《 ᠬᠡᠷ ᠤᠨ ᠠᠬᠠᠮᠠᠳ ᠤᠨ ᠬᠠᠨᠤᠮᠵᠢᠲᠠᠢ ᠰᠤᠷᠭᠠᠭᠤᠯᠢ》 ᠶᠢ ᠡᠷᠬᠢᠯᠡᠬᠦ ᠢᠳᠡᠷᠡᠭᠦᠨ ᠠᠯᠬᠤᠴᠠ ᠪᠠᠨ ᠠᠯᠬᠤᠵᠤ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠬᠢᠯᠡᠬᠦ ᠬᠣᠯᠠᠴᠢ ᠤᠬᠠᠭ᠎ᠠ ᠪᠦᠳᠤᠭᠡᠯᠴᠢ ᠰᠠᠮᠪᠠᠭ᠎ᠠ ᠪᠠᠷ ᠰᠢᠭᠤᠷᠬᠠᠢᠯᠠᠨ ᠠᠵᠢᠯᠯᠠᠨ᠎ᠠ ᠃

 

    ᠤᠳᠤᠷᠢᠳᠬᠤ ᠪᠠᠭ:

    ᠯᠢᠨᠳᠦ᠋ᠩ  ᠤᠨ ᠮᠣᠩᠭᠤᠯ ᠪᠠᠭ᠎ᠠ ᠰᠤᠷᠭᠠᠭᠤᠯᠢ  ᠶᠢᠨ ᠨᠠᠮ  ᠤᠨ ᠡᠭᠦᠷ  ᠤᠨ ᠱᠦᠵᠢ ᠂ ᠰᠤᠷᠭᠠᠭᠤᠯᠢ  ᠶᠢᠨ ᠵᠠᠬᠢᠷᠤᠯ ︱︱ ᠪᠦᠬᠡᠪᠠᠶᠠᠷ ᠂ ᠳᠤᠮᠲᠠᠲᠤ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ  ᠶᠢᠨ ᠲᠤᠰᠢᠶᠠᠯ  ᠤᠨ ᠴᠣᠯᠠ ᠲᠠᠢ ᠃


ᠯᠢᠨᠳᠦ᠋ᠩ  ᠤᠨ ᠮᠣᠩᠭᠤᠯ ᠪᠠᠭ᠎ᠠ ᠰᠤᠷᠭᠠᠭᠤᠯᠢ  ᠶᠢᠨ ᠳᠡᠳ᠋ ᠵᠠᠬᠢᠷᠤᠯ ︱︱ ᠤᠶᠤᠨᠳᠡᠯᠭᠡᠷ ᠂ ᠳᠤᠮᠲᠠᠲᠤ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ  ᠶᠢᠨ ᠲᠤᠰᠢᠶᠠᠯ  ᠤᠨ ᠴᠣᠯᠠ ᠲᠠᠢ ᠃


ᠯᠢᠨᠳᠦ᠋ᠩ  ᠤᠨ ᠮᠣᠩᠭᠤᠯ ᠪᠠᠭ᠎ᠠ ᠰᠤᠷᠭᠠᠭᠤᠯᠢ  ᠶᠢᠨ ᠠᠵᠢᠯᠲᠠᠨ  ᠤ ᠡᠪᠯᠡᠯ  ᠤᠨ ᠲᠡᠷᠢᠭᠦᠯᠡᠭᠴᠢ ︱︱ ᠡᠷᠳᠡᠨᠢᠳᠠᠯᠠᠢ ᠂ ᠳᠤᠮᠲᠠᠲᠤ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ  ᠶᠢᠨ ᠲᠤᠰᠢᠶᠠᠯ  ᠤᠨ ᠴᠣᠯᠠ ᠲᠠᠢ ᠃


ᠯᠢᠨᠳᠦ᠋ᠩ ᠤᠨᠮᠤᠩᠭᠤᠯ ᠪᠠᠭ᠎ᠠ ᠰᠤᠷᠭᠠᠭᠤᠯᠢ ᠶᠢᠨ ᠬᠡᠦᠬᠡᠳ ᠤᠨ ᠴᠡᠴᠡᠷᠯᠢᠭ  ᠤᠨ ᠡᠷᠬᠢᠯᠡᠭᠴᠢ ︱︱ ᠦᠷᠦᠨᠳᠤᠶᠠᠭ᠎ᠠ ᠂ ᠪᠠᠭ᠎ᠠ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ ᠶᠢᠨ ᠲᠤᠰᠢᠶᠠᠯ  ᠤᠨ ᠴᠣᠯᠠ ᠲᠠᠢ᠃


ᠯᠢᠨᠳᠦ᠋ᠩ  ᠤᠨ ᠮᠣᠩᠭᠤᠯ ᠪᠠᠭ᠎ᠠ ᠰᠤᠷᠭᠠᠭᠤᠯᠢ  ᠶᠢᠨ ᠬᠢᠴᠢᠶᠡᠯ ᠬᠥᠮᠦᠵᠢᠯ  ᠤᠨ ᠡᠷᠬᠢᠯᠡᠭᠴᠢ ︱︱ ᠰᠡᠴᠡᠩᠭᠤᠸ᠎ᠠ ᠂ ᠳᠤᠮᠳᠠᠳᠤ ᠰᠤᠷᠭᠠᠭᠤᠯᠢ  ᠶᠢᠨ ᠨᠢᠭᠡᠳᠦᠭᠡᠷ ᠲᠡᠰ  ᠤᠨ ᠪᠠᠭᠰᠢ ᠶᠢᠨ ᠲᠤᠰᠢᠶᠠᠯ  ᠤᠨ ᠴᠣᠯᠠ ᠲᠠᠢ᠃


ᠯᠢᠨᠳᠦ᠋ᠩ ᠤᠨ ᠮᠣᠩᠭᠤᠯ ᠪᠠᠭ᠎ᠠ ᠰᠤᠷᠭᠠᠭᠤᠯᠢ ᠶᠢᠨ ᠤᠯᠤᠰ ᠲᠥᠷᠦ ᠬᠥᠮᠦᠵᠢᠯ ᠤᠨᠡᠷᠬᠢᠯᠡᠭᠴᠢ ︱︱ ᠡᠷᠳᠡᠨᠢᠴᠢᠮᠡᠭ ᠂ ᠳᠤᠮᠲᠠᠲᠤ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ  ᠶᠢᠨ ᠲᠤᠰᠢᠶᠠᠯ  ᠤᠨ ᠴᠣᠯᠠ ᠲᠠᠢ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持