ᠦᠨᠳᠦᠰᠦᠲᠡᠨ ᠦ ᠳᠤᠮᠳᠠᠳᠤ ᠪᠠᠭ᠎ᠠ ᠰᠤᠷᠭᠠᠭᠤᠯᠢ ᠶᠢᠨ ᠲᠣᠢ᠌ᠮᠤ
ᠤᠯᠠᠭᠠᠨᠳᠠᠪᠠᠭ᠎ᠠ ᠰᠤᠮᠤᠨ ᠤ ᠮᠤᠩᠭ᠋ᠤᠯ ᠦᠨᠳᠦᠰᠦᠲᠡᠨ ᠤ ᠪᠠᠢᠷᠢᠯᠠᠬᠤ ᠳᠦᠷᠢᠮᠲᠦ ᠰᠤᠷᠭᠠᠭᠤᠯᠢ 
2012.08.12 ᠲᠣᠰ ᠥᠷᠲᠡᠭᠡᠨ ᠦ ᠨᠠᠢᠷᠠᠭᠤᠯᠤᠭᠴᠢ

    ᠲᠣᠪᠴᠢ ᠲᠠᠨᠢᠯᠴᠠᠭᠤᠯᠭ᠎ᠠ ᠄

    ᠤᠯᠠᠭᠠᠨᠳᠠᠪᠠᠭ᠎ᠠ ᠰᠤᠮᠤᠨ ᠤ ᠮᠣᠩᠭᠤᠯ ᠦᠨᠳᠦᠰᠦᠲᠡᠨ ᠤ ᠪᠠᠢᠷᠢᠯᠠᠬᠤ ᠳᠦᠷᠢᠮᠲᠦ ᠰᠤᠷᠭᠠᠭᠤᠯᠢ ᠨᠢ 1949 ᠤᠨ ᠳᠤ ᠪᠠᠢᠭᠤᠯᠤᠭᠳᠠᠭᠰᠠᠨ ᠬᠠᠪᠴᠢᠯ ᠭᠠᠴᠠᠭᠠᠨ ᠤ ᠪᠠᠭ᠎ᠠ ᠰᠤᠷᠭᠠᠭᠤᠯᠢ ᠶᠢᠨ ᠬᠠᠭᠤᠴᠢᠨ ᠬᠦᠷᠢᠶ᠎ᠡ ᠪᠠ ᠤᠯᠠᠭᠠᠨᠳᠠᠪᠠᠭ᠎ᠠ ᠰᠤᠮᠤᠨ ᠤ ᠳᠤᠮᠳᠠᠳᠤ ᠰᠤᠷᠭᠠᠭᠤᠯᠢ ᠶᠢᠨ ᠪᠠᠭᠤᠷᠢ ᠳᠡᠭᠡᠷ᠎ᠡ ᠲᠠᠬᠢᠨ ᠪᠠᠢᠭᠤᠯᠤᠭᠰᠠᠨ ᠲᠠᠪᠤᠨ ᠲᠦᠮᠡ ᠭᠠᠷᠤᠢ ᠺᠦᠸᠠᠳ᠋ ᠮᠧᠲ᠋ᠷ ᠭᠠᠵᠠᠷ ᠡᠵᠡᠯᠡᠭᠰᠡᠨ ᠪᠠᠢᠷᠢᠯᠠᠬᠤ ᠳᠦᠷᠢᠮᠲᠦ ᠰᠤᠷᠭᠠᠭᠤᠯᠢ ᠪᠣᠯᠤᠨ᠎ᠠ ᠃ ᠮᠠᠨ ᠤ ᠰᠤᠷᠭᠠᠭᠤᠯᠢ  ᠶᠢᠨ ᠭᠡᠷ ᠪᠠᠷᠢᠯᠭ᠎ᠠ ᠶᠢᠨ ᠶᠡᠷᠦᠩᠬᠡᠢ ᠲᠠᠯᠠᠪᠠᠢ 40000 ᠭᠠᠷᠤᠢ ᠺᠦᠸᠠᠳ᠋ ᠮᠧᠲ᠋ᠷ ᠭᠠᠵᠠᠷ ᠡᠵᠡᠯᠡᠵᠦ ᠲᠠᠮᠢᠷ ᠬᠥᠳᠡᠯᠭᠡᠭᠡᠨ  ᠤ ᠲᠠᠯᠠᠪᠤᠷ5000 ᠭᠠᠷᠤᠢ ᠺᠦᠸᠠᠳ᠋ ᠮᠧᠲ᠋ᠷ ᠭᠠᠵᠠᠷ ᠡᠵᠡᠯᠡᠵᠦ ᠨᠣᠭᠤᠭᠠᠷᠠᠭᠤᠯᠤᠯᠲᠠ ᠶᠢᠨ ᠲᠠᠯᠠᠪᠠᠢ5000ᠭᠠᠷᠤᠢ ᠺᠦᠸᠠᠳ᠋ ᠮᠧᠲ᠋ᠷ ᠬᠦᠷᠦᠭᠰᠡᠨ ᠪᠠᠢᠨ᠎ᠠ ᠃ ᠮᠠᠨ ᠤ ᠰᠤᠷᠭᠠᠭᠤᠯᠢ ᠨᠢ ᠨᠠᠶᠠᠨ ᠨᠢᠭᠡᠨ ᠪᠠᠭᠰᠢ ᠠᠵᠢᠯᠲᠠᠨ ᠲᠠᠢ ᠂ ᠭᠤᠷᠪᠠᠨ ᠵᠠᠭᠤ ᠰᠤᠷᠤᠭᠴᠢ ᠲᠠᠢ ᠂ 1-6 ᠤᠨ ᠬᠦᠷᠳᠡᠯ᠎ᠡ ᠠᠷᠪᠠᠨ ᠪᠠᠭ᠎ᠠ ᠰᠤᠷᠭᠠᠭᠤᠯᠢ ᠶᠢᠨ ᠬᠢᠴᠶᠡᠯᠯᠡᠬᠦ ᠠᠩᠭᠢ ᠪᠠ ᠬᠠᠪᠴᠢᠯ ᠭᠠᠴᠠᠭ᠎ᠠ ᠂ ᠦᠵᠦᠬᠦᠷᠬᠤᠸᠠ ᠭᠠᠴᠠᠭ᠎ᠠ ᠬᠤᠭᠤᠯᠠᠳᠦ ᠭᠠᠴᠠᠭ᠎ᠠ ᠰᠢᠨᠡᠬᠤᠳᠠ ᠭᠠᠴᠠᠭ᠎ᠠ ᠬᠣᠪᠤᠭᠤ ᠭᠠᠴᠠᠭ᠎ᠠ ᠲᠠᠪᠤᠨ ᠪᠠᠷᠢᠭᠠᠳᠠ ᠵᠡᠷᠭᠡᠲᠤᠯᠤᠭᠠᠨ ᠬᠡᠦᠬᠡᠳ ᠤᠨ ᠴᠡᠴᠡᠷᠯᠢᠭ ᠲᠠᠢ ᠨᠢᠭᠡᠨ ᠡᠯ᠎ᠡ ᠲᠠᠯ᠎ᠠ ᠪᠠᠷ ᠴᠥᠮ ᠬᠥᠭᠵᠢᠯᠲᠡ  ᠶᠢᠨ ᠵᠠᠮ ᠳᠡᠭᠡᠷ᠎ᠡ ᠪᠡᠨ ᠵᠠᠪᠤᠵᠤ ᠪᠠᠢᠭ᠎ᠠ ᠪᠠᠢᠷᠢᠯᠠᠬᠤ ᠳᠦᠷᠢᠮᠲᠦ ᠰᠤᠷᠭᠠᠭᠤᠯᠢ ᠪᠣᠯᠤᠨ᠎ᠠ ᠃ ᠪᠠᠭᠰᠢ ᠶᠢᠨ ᠬᠥᠭᠵᠢᠯᠲᠡ ᠪᠡᠷ ᠰᠤᠷᠤᠭᠴᠢ ᠶᠢᠨ ᠬᠥᠭᠵᠢᠯᠲᠡ  ᠶᠢ ᠠᠬᠢᠭᠤᠯᠬᠤ ᠶᠢ ᠪᠠᠷᠢᠮᠲᠠᠯᠠᠵᠤ ᠤᠯᠠᠭᠠᠨᠳᠠᠪᠠᠭ᠎ᠠ ᠨᠤᠲᠤᠭ ᠤᠨ ᠰᠣᠶᠤᠯ ᠤᠨ ᠣᠬᠢ ᠱᠦᠯᠲᠦ ᠶᠢ ᠠᠭᠤᠰᠭᠠᠭᠰᠠᠨ ᠥᠪᠡᠷ ᠤᠨ ᠤᠨᠴᠠᠯᠢᠭᠳᠦ 《 ᠲᠤᠯᠤᠭᠠᠨ ᠨᠢᠭᠡ 》 ᠶᠢᠨ ᠰᠤᠷᠭᠠᠨ ᠬᠥᠮᠦᠵᠢᠯ ᠢ ᠥᠷᠨᠢᠭᠦᠯᠵᠦ ᠰᠤᠷᠭᠠᠨ ᠬᠥᠮᠦᠵᠢᠯ ᠤᠨ ᠠᠷᠭ᠎ᠠ ᠠᠪᠴᠠᠯ ᠢᠶᠠᠨ ᠴᠠᠭ ᠦᠶ᠎ᠡ ᠶᠢᠨ ᠱᠠᠭᠠᠷᠳᠠᠯᠭ᠎ᠠ ᠂ ᠨᠡᠢᠭᠡᠮ ᠤᠨ ᠱᠠᠭᠠᠷᠳᠠᠯᠭ᠎ᠠ ᠂ ᠭᠡᠷ ᠤᠨ ᠠᠬᠠᠮᠠᠳ ᠤᠨ ᠱᠠᠭᠠᠷᠳᠠᠯᠭ᠎ᠠ ᠂ ᠰᠤᠷᠤᠭᠴᠢ ᠶᠢᠨ ᠱᠠᠭᠠᠷᠳᠠᠯᠭ᠎ᠠ ᠳᠤ ᠵᠣᠬᠢᠴᠠᠭᠤᠯᠤᠨ ᠯᠠᠪᠳᠠᠭᠤᠨ ᠪᠠᠳᠦᠳᠠᠢ ᠤᠷᠤᠭᠰᠢᠯᠠᠵᠤ ᠪᠠᠢᠭ᠎ᠠ ᠴᠤᠯᠤ ᠮᠣᠩᠭᠤᠯ ᠢᠶᠠᠷ ᠢᠶᠠᠨ ᠬᠢᠴᠢᠶᠡᠯᠯᠡᠵᠦ ᠪᠦᠬᠦᠢ ᠰᠤᠷᠭᠠᠭᠤᠯᠢ ᠪᠣᠯᠤᠨ᠎ᠠ ᠃

 

    ᠤᠳᠤᠷᠢᠳᠬᠤ ᠪᠠᠭ ᠄

    ᠤᠯᠠᠭᠠᠨᠳᠠᠪᠠᠭ᠎ᠠ ᠰᠤᠮᠤᠨ  ᠤ ᠮᠣᠩᠭᠤᠯ ᠦᠨᠳᠦᠰᠦᠲᠡᠨ  ᠤ ᠪᠠᠢᠷᠢᠯᠠᠬᠤ ᠳᠦᠷᠢᠮᠲᠦ ᠰᠤᠷᠭᠠᠭᠤᠯᠢ  ᠶᠢᠨ ᠨᠠᠮ  ᠤᠨ ᠡᠭᠦᠷ  ᠤᠨ ᠱᠦᠵᠢ ᠂ ᠰᠤᠷᠭᠠᠭᠤᠯᠢ  ᠶᠢᠨ ᠵᠠᠬᠢᠷᠤᠯ ︱ ᠭᠡᠷᠡᠯᠲᠦ ᠂ ᠳᠤᠮᠳᠠᠳᠤ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ  ᠶᠢᠨ ᠲᠤᠰᠢᠶᠠᠯ  ᠤᠨ ᠴᠣᠯᠠ ᠲᠠᠢ ᠃


ᠤᠯᠠᠭᠠᠨᠳᠠᠪᠠᠭ᠎ᠠ ᠰᠤᠮᠤᠨ  ᠤ ᠮᠣᠩᠭᠤᠯ ᠦᠨᠳᠦᠰᠦᠲᠡᠨ  ᠤ ᠪᠠᠢᠷᠢᠯᠠᠬᠤ ᠳᠦᠷᠢᠮᠲᠦ ᠰᠤᠷᠭᠠᠭᠤᠯᠢ  ᠶᠢᠨ ᠬᠢᠴᠢᠶᠡᠯ ᠬᠥᠮᠦᠵᠢᠯ  ᠤᠨ ᠡᠷᠬᠢᠯᠡᠭᠴᠢ ︱ ᠰᠣᠶᠤᠯᠲᠤ ᠂ ᠪᠠᠭ᠎ᠠ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ  ᠶᠢᠨ ᠲᠤᠰᠢᠶᠠᠯ  ᠤᠨ ᠴᠣᠯᠠ ᠲᠠᠢ ᠃


ᠤᠯᠠᠭᠠᠨᠳᠠᠪᠠᠭ᠎ᠠ ᠰᠤᠮᠤᠨ  ᠤ ᠮᠣᠩᠭᠤᠯ ᠦᠨᠳᠦᠰᠦᠲᠡᠨ  ᠤ ᠪᠠᠢᠷᠢᠯᠠᠬᠤ ᠳᠦᠷᠢᠮᠲᠦ ᠰᠤᠷᠭᠠᠭᠤᠯᠢ  ᠶᠢᠨ ᠤᠯᠤᠰ ᠲᠥᠷᠦ ᠬᠥᠮᠦᠵᠢᠯ  ᠤᠨ ᠡᠷᠬᠢᠯᠡᠭᠴᠢ ︱ ᠲᠦᠪᠰᠢᠨᠵᠢᠷᠭᠠᠯ ᠂ ᠪᠠᠭ᠎ᠠ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ  ᠶᠢᠨ ᠲᠤᠰᠢᠶᠠᠯ  ᠤᠨ ᠴᠣᠯᠠ ᠲᠠᠢ ᠃


ᠤᠯᠠᠭᠠᠨᠳᠠᠪᠠᠭ᠎ᠠ ᠰᠤᠮᠤᠨ  ᠤ ᠮᠣᠩᠭᠤᠯ ᠦᠨᠳᠦᠰᠦᠲᠡᠨ  ᠤ ᠪᠠᠢᠷᠢᠯᠠᠬᠤ ᠳᠦᠷᠢᠮᠲᠦ ᠰᠤᠷᠭᠠᠭᠤᠯᠢ  ᠶᠢᠨ ᠶᠡᠷᠦᠩᠬᠡᠢ ᠶᠠᠪᠤᠳᠠᠯ  ᠤᠨ ᠡᠷᠬᠢᠯᠡᠭᠴᠢ ︱ ᠭᠧᠨᠵᠦᠸᠠᠩ ᠂ ᠳᠤᠮᠳᠠᠳᠤ ᠰᠤᠷᠭᠠᠭᠤᠯᠢ  ᠶᠢᠨ ᠥᠨᠳᠦᠷ ᠲᠡᠰ  ᠤᠨ ᠪᠠᠭᠰᠢ ᠶᠢᠨ ᠲᠤᠰᠢᠶᠠᠯ  ᠤᠨ ᠴᠣᠯᠠ ᠲᠠᠢ ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持