ᠲᠠᠮᠢᠷ ᠤᠷᠠᠯᠢᠭ
ᠯᠢᠨᠳᠦ᠋ᠩ ᠤᠨ ᠮᠤᠩᠭ᠋ᠤᠯ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠨᠠᠢ᠍ᠮᠠᠨ ᠨᠡᠷ᠎ᠡ ᠪᠥᠬᠡ ᠬᠤᠳᠠ ᠶᠢᠨ ᠮᠥᠷᠦᠢᠴᠡᠭᠡᠨ ᠳᠦ ᠣᠷᠤᠯᠴᠠᠪᠠ
2014.04.13 ᠲᠣᠰ ᠥᠷᠲᠡᠭᠡᠨ ᠦ ᠨᠠᠢᠷᠠᠭᠤᠯᠤᠭᠴᠢ

        2013.4.13 ᠳᠦ ᠤᠯᠠᠭᠠᠨᠬᠠᠳᠠ ᠬᠤᠳᠠ ᠶᠢᠨ ᠵᠠᠯᠠᠭᠤᠴᠤᠳ ᠪᠠᠭᠠᠴᠤᠳ ᠤᠨ ᠪᠠᠶᠠᠰᠤᠯᠲᠤ ᠪᠡᠶ᠎ᠡ ᠲᠠᠮᠢᠷ ᠤᠨ ᠰᠢᠷᠢᠰ ᠬᠥᠳᠡᠯᠭᠡᠭᠡᠨ ᠤ ᠪᠠᠭᠠᠴᠤᠳ ᠤᠨ ᠮᠣᠩᠭᠤᠯ ᠪᠥᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠠᠷᠤ ᠬᠣᠷᠴᠢᠨ ᠬᠣᠰᠢᠭᠤᠨ ᠤ ᠴᠢᠪᠠᠭ᠎ᠠ ᠪᠠᠯᠭᠠᠰᠤ ᠶᠢᠨ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠲᠠᠮᠢᠷ  ᠤᠨ ᠲᠠᠯᠠᠪᠤᠷ ᠲᠤ ᠪᠦᠲᠦᠨ ᠨᠢᠭᠡ ᠡᠳᠦᠷ ᠶᠠᠪᠤᠭᠳᠠᠪᠠ ᠃ ᠯᠢᠨᠳᠦ᠋ᠩ ᠤᠨ ᠮᠣᠩᠭᠤᠯ ᠳᠤᠮᠳᠠᠳᠤ ᠰᠤᠷᠭᠠᠭᠤᠯᠢ ᠡᠴᠡ ᠡᠷᠳᠡᠨᠢᠪᠢᠯᠢᠭ ᠂ ᠰᠠᠴᠤᠷᠠᠩᠭᠤᠢ ᠪᠠᠭᠰᠢ ᠶᠢᠨ ᠲᠠᠭᠠᠭᠤᠯᠭ᠎ᠠ ᠪᠡᠷ ᠠᠩᠬ᠎ᠠ ᠳᠤᠮᠳᠠᠳᠤ ᠶᠢᠨ ᠨᠠᠢ᠍ᠮᠠᠨ ᠨᠡᠷ᠎ᠡ ᠪᠥᠬᠡ ᠣᠷᠤᠯᠴᠠᠭᠰᠠᠨ ᠪᠠᠢᠨ᠎ᠠ ᠃ ᠪᠥᠬᠡ ᠶᠢᠨ ᠤᠷᠤᠯᠳᠤᠭᠠᠨ ᠳᠦ 128 ᠬᠣᠣᠰ ᠪᠥᠬᠡ ᠪᠠᠷᠢᠯᠳᠤᠵᠤ ᠂ ᠯᠢᠨᠳᠦ᠋ᠩ ᠤᠨ ᠮᠣᠩᠭᠤᠯ ᠳᠤᠮᠳᠠᠳᠤ ᠰᠤᠷᠭᠠᠭᠤᠯᠢ ᠶᠢᠨ ᠠᠩᠬ᠎ᠠ 1.4 ᠶᠢᠨ ᠪᠤᠶᠠᠨᠮᠦᠩᠬᠡ ᠭᠤᠲᠠᠭᠠᠷ ᠲᠤ ᠲᠣᠳᠤᠷᠠᠵᠤ ᠂ ᠠᠩᠬ᠎ᠠ 1.4  ᠶᠢᠨ ᠠᠷᠤᠤᠬᠠᠨ ᠶᠢᠰᠦ ᠳᠦ ᠣᠷᠤᠵᠤ ᠂ ᠠᠩᠬ᠎ᠠ 2.4 ᠶᠢᠨ ᠪᠠᠶᠠᠨᠵᠢᠷᠭᠠᠯ ᠳᠡᠭᠡᠳᠦ 16 ᠳᠦ ᠰᠠᠭᠤᠭᠰᠠᠨ ᠪᠠᠢᠨ᠎ᠠ ᠃ ᠲᠤᠰ ᠤᠳᠠᠭᠠᠨ ᠤ ᠤᠷᠤᠯᠳᠤᠭᠠᠨ ᠳᠦ ᠣᠯᠤᠭᠰᠠᠨ ᠠᠮᠵᠢᠯᠲᠠ ᠨᠢ ᠰᠠᠴᠤᠷᠠᠩᠭᠤᠢ ᠪᠠᠭᠰᠢ ᠶᠢᠨ ᠰᠠᠷ᠎ᠠ ᠭᠠᠷᠤᠢ ᠶᠢᠨ ᠰᠢᠷᠭᠠᠭᠤ ᠪᠣᠯᠪᠠᠰᠤᠷᠠᠭᠤᠯᠤᠯᠲᠠ ᠶᠢᠨ ᠦᠷ᠎ᠡ ᠪᠦᠲᠦᠭᠡᠯ ᠪᠣᠯᠬᠤ ᠶᠤᠮ ᠃


ᠤᠷᠤᠯᠳᠤᠭᠠᠨ  ᠤ ᠠᠬᠤᠢ ᠲᠠᠯᠠᠪᠠᠢ


ᠳᠠᠭᠠᠭᠤᠯᠤᠭᠴᠢ ᠪᠠᠭᠰᠢ ᠪᠠ ᠪᠥᠬᠡᠴᠢᠳ


ᠳᠠᠭᠠᠭᠤᠯᠤᠭᠴᠢ ᠪᠠᠭᠰᠢ ᠪᠠ ᠪᠥᠬᠡᠴᠢᠳ2

ᠴᠢᠶᠦᠩ ᠶᠠᠨ ᠮᠡᠳᠡᠭᠡᠯᠡᠵᠤ ᠂ ᠰᠠᠴᠤᠷᠠᠩᠭᠤᠢ ᠰᠡᠭᠦᠳᠡᠷ ᠬᠠᠩᠭᠠᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持