ᠲᠠᠮᠢᠷ ᠤᠷᠠᠯᠢᠭ
ᠵᠢᠭᠠᠬᠤ ᠶᠢ ᠰᠤᠳᠤᠯᠤᠭᠴᠢ ᠪᠠ ᠬᠢᠴᠢᠶᠡᠯ ᠲᠥᠷᠦᠯ ᠤᠨ ᠪᠠᠭᠰᠢ ᠬᠠᠮᠲᠤ ᠪᠠᠷ ᠬᠢᠴᠢᠶᠡᠯ ᠪᠡᠯᠡᠳᠭᠡᠵᠦ ᠬᠢᠴᠢᠶᠡᠯᠯᠡᠪᠡ
2014.04.26 ᠲᠣᠰ ᠥᠷᠲᠡᠭᠡᠨ ᠦ ᠨᠠᠢᠷᠠᠭᠤᠯᠤᠭᠴᠢ

    ᠬᠠᠮᠲᠤ ᠶᠢᠨ ᠤᠢ ᠤᠬᠠᠭᠠᠨ ᠤ ᠨᠢᠬᠡᠳᠦᠷᠡᠯ ᠢᠶᠠᠷ ᠰᠢᠨ᠎ᠡ ᠬᠢᠴᠢᠶᠡᠯ ᠤᠨ ᠪᠢᠴᠢᠭ᠌ ᠢ ᠲᠠᠨᠢᠵᠤ ᠂ ᠤᠯᠠᠨ ᠲᠠᠯᠠᠲᠤ ᠦᠵᠡᠯᠲᠡ ᠡᠴᠡ ᠵᠢᠭᠠᠬᠤ ᠤᠷ᠎ᠠ ᠮᠡᠷᠭᠡᠰᠢᠯ ᠢᠶᠠᠨ ᠰᠢᠯᠢᠳᠡᠭᠵᠢᠬᠦᠯᠦᠨ ᠂ ᠬᠢᠴᠢᠶᠡᠯᠯᠡᠬᠦ ᠢᠳᠢᠪᠬᠢᠵᠢᠯ ᠪᠠ ᠰᠤᠷᠬᠤ ᠤᠷᠮᠠᠰᠢᠯ ᠤᠨ ᠲᠠᠯ᠎ᠠ ᠪᠠᠷ ᠰᠢᠨ᠎ᠡ ᠡᠷᠢᠯᠬᠢᠯᠳᠡ ᠬᠢᠬᠦ ᠵᠣᠷᠢᠯᠲᠠ ᠡᠴᠡ ᠬᠣᠰᠢᠭᠤᠨ ᠤ ᠵᠢᠭᠠᠬᠤ ᠶᠢ ᠰᠤᠳᠤᠯᠬᠤ ᠲᠠᠰᠤᠭ  ᠤᠨ ᠵᠢᠷᠭᠤᠭᠠᠨ ᠨᠡᠷ᠎ᠡ ᠵᠢᠭᠠᠬᠤ ᠶᠢ ᠰᠤᠳᠤᠯᠤᠭᠴᠢ ᠪᠠᠭᠰᠢ 4 ᠰᠠᠷ᠎ᠠ ᠶᠢᠨ 23 ᠳᠤ ᠪᠠᠶᠠᠠᠠᠠᠭᠤᠯᠠ ᠰᠤᠷᠭᠠᠭᠤᠯᠢ ᠳᠤ ᠢᠷᠡᠵᠦ ᠂ ᠡᠯ᠎ᠡ ᠬᠢᠴᠢᠶᠡᠯ ᠲᠥᠷᠦᠯ ᠤᠨ ᠪᠠᠭᠰᠢ ᠨᠠᠷ ᠲᠠᠢ ᠬᠠᠮᠵᠢᠯᠴᠠᠨ ᠂ ᠬᠠᠮᠲᠤ ᠪᠠᠷ ᠬᠢᠴᠢᠶᠡᠯ ᠪᠡᠯᠡᠳᠭᠡᠵᠦ ᠂ ᠬᠠᠷᠢᠯᠴᠠᠨ ᠬᠢᠴᠢᠶᠡᠯ ᠰᠣᠨᠤᠰᠴᠤ ᠂ ᠠᠮᠵᠢᠯᠲᠠ ᠲᠠᠢ ᠲᠠᠯ᠎ᠠ ᠪᠠᠨ ᠠᠬᠢᠭᠤᠯᠤᠨ ᠂ ᠳᠤᠲᠠᠭᠳᠠᠯ ᠲᠠᠢ ᠵᠦᠢᠯᠡᠰ ᠢᠶᠠᠨ ᠨᠦᠬᠦᠪᠦᠷᠢᠯᠡᠭᠰᠡᠨ ᠪᠠᠢᠨ᠎ᠠ ᠃

    ᠪᠠᠶᠠᠠᠠᠠᠭᠤᠯᠠ ᠰᠤᠷᠭᠠᠭᠤᠯᠢ  ᠶᠢᠨ ᠮᠣᠩᠭᠤᠯ ᠬᠡᠯᠡᠨ ᠤ ᠳᠤᠭᠤᠢᠯᠠᠩ ᠤᠨ ᠪᠠᠲᠤ ᠂ ᠠᠩᠭ᠍ᠯᠢ ᠬᠡᠯᠡᠨ ᠤ ᠳᠤᠭᠤᠢᠯᠠᠩ ᠤᠨ ᠨᠠᠷᠠᠨᠴᠡᠴᠡᠭ ᠂ ᠰᠠᠷᠠᠭᠤᠯ ᠂ ᠬᠢᠲᠠᠳ ᠬᠡᠯᠡᠨ ᠤ ᠳᠤᠭᠤᠢᠯᠠᠩ ᠤᠨ ᠮᠥᠷᠡᠨ ᠂ ᠳᠠᠭᠤᠤ ᠵᠢᠷᠤᠭ ᠤᠨ ᠳᠤᠭᠤᠢᠯᠠᠩ ᠤᠨ ᠨᠠᠨᠳᠢᠨ ᠂ ᠪᠤᠤ ᠱᠠᠨ ᠂ ᠴᠡᠴᠡᠷᠯᠢᠭ ᠤᠨ ᠳᠤᠭᠤᠢᠯᠠᠩ ᠤᠨ ᠠᠷᠢᠭᠤᠨ ᠂ ᠲᠡᠮᠡᠴᠡᠯ ᠂ ᠰᠡᠴᠡᠨᠳᠤᠩᠭᠠᠯᠠᠭ  ᠨᠠᠷ ᠲᠤᠰ ᠲᠤᠰ ᠬᠢᠴᠢᠶᠡᠯ ᠪᠡᠯᠡᠳᠭᠡᠵᠦ ᠬᠢᠴᠢᠶᠡᠯᠯᠡᠭᠰᠡᠨ ᠪᠠ ᠠᠩᠭ᠍ᠯᠢ ᠬᠡᠯᠡᠨ ᠤ ᠵᠢᠭᠠᠬᠤ ᠶᠢ ᠰᠤᠳᠤᠯᠤᠭᠴᠢ ᠨᠠᠷᠠᠰᠤ ᠴᠦ ᠨᠢᠭᠡ ᠦᠶ᠎ᠡ ᠬᠢᠴᠢᠶᠡᠯ ᠪᠡᠯᠡᠳᠭᠡᠨ ᠬᠢᠴᠢᠶᠡᠯᠯᠡᠵᠦ ᠂ ᠲᠤᠷᠰᠢᠯᠭ᠎ᠠ ᠰᠣᠯᠢᠯᠴᠠᠭᠰᠠᠨ ᠪᠠᠢᠨ᠎ᠠ ᠃

    4 ᠰᠠᠷ᠎ᠠ ᠶᠢᠨ24 ᠤ ᠦᠳᠡ ᠶᠢᠨ ᠬᠣᠢᠨ᠎ᠠ ᠵᠢᠭᠠᠬᠤ ᠶᠢ ᠰᠤᠳᠤᠯᠬᠤ ᠲᠠᠰᠤᠭ ᠤᠨ ᠪᠠᠲᠤ ᠡᠷᠬᠢᠯᠡᠭᠴᠢ ᠡᠴᠡ ᠬᠠᠮᠲᠤ ᠪᠠᠷ ᠬᠢᠴᠢᠶᠡᠯ ᠪᠡᠯᠡᠳᠭᠡᠬᠦ ᠶᠢᠨ ᠳᠠᠪᠠᠭᠤᠯᠢᠭ ᠲᠠᠯ᠎ᠠ ᠶᠢᠨ ᠲᠤᠬᠠᠢ ᠶᠠᠷᠢᠶ᠎ᠠ ᠲᠠᠢᠯᠤᠮᠵᠢ ᠬᠢᠭᠰᠡᠨ ᠪᠠ ᠲᠤᠰ ᠤᠳᠠᠭᠠᠨ ᠤ ᠬᠠᠮᠲᠤ ᠪᠠᠷ ᠬᠢᠴᠢᠶᠡᠯ ᠪᠡᠯᠡᠳᠭᠡᠵᠦ ᠬᠢᠴᠢᠶᠡᠯᠯᠡᠭᠰᠡᠨ ᠠᠵᠢᠯᠯᠠᠭᠠᠨ ᠤ ᠲᠤᠬᠠᠢ ᠳᠥᠬᠦᠮᠬᠡᠨ ᠳ᠋ᠦᠩᠨᠡᠯᠲᠡ ᠬᠢᠭᠰᠡᠨ ᠪᠠᠢᠨ᠎ᠠ ᠃

 

 


ᠠᠬᠤᠢ ᠲᠠᠯᠠᠪᠠᠢ ᠳᠤ

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持