ᠪᠢᠴᠢᠭ᠌ ᠮᠠᠲ᠋ᠧᠷᠢᠶᠠᠯ
ᠮᠡᠳᠡᠭᠳᠡᠯ
2017.04.20 ᠲᠣᠰ ᠥᠷᠲᠡᠭᠡᠨ ᠦ ᠨᠠᠢᠷᠠᠭᠤᠯᠤᠭᠴᠢ

 

ᠮᠣᠩᠭᠤᠯ ᠢᠶᠡᠷ ᠬᠢᠴᠢᠶᠡᠯᠯᠡᠵᠦ ᠪᠠᠢᠭ᠎ᠠ ᠲᠤᠮᠳᠠᠳᠤ ᠪᠠᠭ᠎ᠠ ᠰᠤᠷᠭᠠᠭᠤᠯᠢ᠂ ᠴᠡᠴᠡᠷᠯᠢᠭ ᠲᠤ᠄

      ᠰᠤᠷᠤᠭᠴᠢᠳ ᠢ ᠬᠢᠴᠢᠶᠡᠯ ᠤᠨ ᠭᠠᠳᠠᠭᠤᠷᠬᠢ ᠨᠣᠮ ᠤᠩᠰᠢᠯᠭ᠎ᠠ ᠳ᠋ᠤ ᠬᠥᠲᠦᠯᠦᠨ ᠤᠩᠰᠢᠯᠭ᠎ᠠ ᠶᠢᠨ ᠴᠢᠳᠠᠪᠤᠷᠢ ᠶᠢ ᠨᠢ ᠲᠡᠭᠡᠭᠡᠰᠢᠯᠡᠭᠦᠯᠬᠦ ᠵᠣᠷᠢᠯᠳᠠ ᠪᠡᠷ ᠪᠦᠬᠦ ᠬᠣᠰᠢᠭᠤᠨ ᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠨᠣᠮ ᠤᠩᠰᠢᠯᠭ᠎ᠠ ᠶᠢᠨ ᠲᠤᠬᠠᠢ《ᠲᠣᠳᠤ ᠮᠠᠩᠯᠠᠢ》᠎ ᠨᠡᠷᠡᠮᠵᠢᠳᠤ ᠣᠶᠤᠨ ᠤ ᠮᠥᠷᠦᠢᠴᠡᠭᠡᠨ ᠢ ᠶᠠᠪᠤᠭᠳᠠᠭᠤᠯᠬᠤ ᠪᠡᠷ ᠪᠣᠯᠤᠭᠰᠠᠨ ᠲᠤᠯᠠ ᠬᠣᠯᠪᠤᠭᠳᠠᠬᠤ ᠵᠦᠢᠯᠡᠰ ᠢ ᠳᠣᠣᠷᠠᠬᠢ ᠮᠡᠲᠦ ᠮᠡᠳᠡᠭᠳᠡᠯ᠎ᠡ᠃

   ⒈ᠤᠷᠤᠯᠳᠤᠭᠠᠨ ᠢ ᠮᠣᠩᠭᠤᠯ ᠪᠠᠭ᠎ᠠ ᠰᠤᠷᠭᠠᠭᠤᠯᠢ ᠳ᠋ᠤ ᠶᠠᠪᠤᠭᠳᠠᠭᠤᠯᠤᠨ᠎ᠠ᠃

   ⒉ᠤᠷᠤᠯᠳᠤᠭᠠᠨ ᠤ ᠬᠤᠭᠤᠴᠠᠭ᠎ᠠ᠄2017.4.26᠎ . 8᠄30ᠡᠴᠡ ᠡᠬᠢᠯᠡᠨ᠎ᠡ᠃

   ⒊ᠰᠤᠷᠭᠠᠭᠤᠯᠢ ᠪᠦᠷᠢ ᠭᠤᠷᠪᠠᠨ ᠰᠤᠷᠤᠭᠴᠢ ᠲᠣᠮᠢᠯᠠᠨ ᠣᠷᠤᠯᠴᠠᠭᠤᠯᠤᠨ᠎ᠠ᠃ ᠣᠨ ᠤ ᠱᠠᠳᠤ ᠬᠤᠪᠢᠶᠠᠬᠤ ᠦᠭᠡᠢ᠃

   ⒋ᠡᠯ᠎ᠡ ᠰᠤᠷᠭᠠᠭᠤᠯᠢ ᠶᠢᠨ ᠬᠢᠨ ᠰᠠᠢᠳᠤᠷ ᠪᠡᠯᠡᠳᠬᠡᠵᠤ᠂ ᠴᠠᠭ ᠢ ᠪᠠᠷᠢᠮᠳᠠᠯᠠᠨ ᠠᠮᠤᠷ ᠲᠦᠪᠰᠢᠨ ᠢ ᠠᠩᠬᠠᠷᠬᠤ ᠬᠡᠷᠡᠭᠲᠠᠢ᠃

   ⒌ᠤᠷᠤᠯᠳᠤᠭᠠᠨ ᠤ ᠳᠦᠷᠢᠮ᠄

   ⑴ ᠠᠬᠤᠢ ᠲᠠᠯᠠᠪᠠᠢ ᠳ᠋ᠤ  ᠪᠤᠯᠢᠶᠠᠯᠳᠤᠨ ᠬᠠᠷᠢᠭᠤᠯᠵᠤ ᠲᠠᠢᠵᠠᠨ ᠤ ᠡᠵᠡᠨ ᠰᠣᠩᠭᠤᠨ᠎ᠠ᠃

   ⑵ ᠲᠠᠢᠵᠠᠨ ᠤ ᠡᠵᠡᠨ ᠥᠷᠢᠰᠦᠯᠳᠦᠭᠴᠢ ᠪᠡᠨ ᠰᠣᠩᠭᠤᠵᠤ᠂ ᠲᠠᠪᠤᠨ ᠰᠡᠳᠦᠪ ᠢᠶᠡᠷ ᠥᠷᠢᠰᠦᠯᠳᠦᠨ ᠢᠯᠠᠭᠳᠠᠭᠴᠢ ᠨᠢ ᠬᠠᠰᠤᠭᠳᠠᠨ᠎ᠠ᠃ ᠲᠠᠢᠵᠠᠨ ᠤ ᠡᠵᠡᠨ ᠨᠢᠭᠡ ᠰᠡᠳᠦᠪ ᠬᠠᠷᠢᠭᠤᠯᠬᠤ ᠦᠭᠡᠢ ᠥᠩᠭᠡᠷᠡᠭᠡᠬᠦ ᠡᠷᠬᠡ ᠲᠠᠢ᠃

   ⑶ ᠰᠣᠩᠭᠤᠬᠤ ᠰᠡᠳᠦᠪ ᠪᠣᠯ ᠲᠣᠭᠳᠠᠭᠰᠠᠨ ᠴᠠᠭ ᠤᠨ ᠳᠣᠲᠤᠷ᠎ᠠ ᠨᠢᠭᠡᠯᠡ ᠤᠳᠠᠭ᠎ᠠ ᠬᠠᠷᠢᠭᠤᠯᠵᠤ ᠵᠠᠰᠠᠵᠤ ᠪᠣᠯᠬᠤ ᠦᠭᠡᠢ᠃

 

                            ᠪᠠᠭᠠᠷᠢᠨ ᠵᠡᠭᠦᠨ ᠬᠣᠰᠢᠭᠤᠨ ᠤ ᠵᠢᠭᠠᠬᠤ ᠶᠢ ᠰᠤᠳᠤᠯᠬᠤ ᠲᠥᠪ

                                         2017᠎ . 4᠎ . 20

 

 

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持