ᠰᠣᠨᠢᠨ ᠮᠡᠳᠡᠭᠡ
ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠪᠠᠭᠰᠢ ᠨᠠᠷ ᠤᠨ ᠦᠨᠳᠦᠰᠦᠨ ᠪᠣᠯᠪᠠᠰᠤᠷᠠᠯ ᠤᠨ ᠮᠥᠷᠦᠢᠴᠡᠭᠡᠨ ᠶᠠᠪᠤᠭᠤᠯᠪᠠ
2015.01.06 ᠲᠣᠰ ᠥᠷᠲᠡᠭᠡᠨ ᠦ ᠨᠠᠢᠷᠠᠭᠤᠯᠤᠭᠴᠢ

    ᠮᠣᠩᠭᠤᠯ ᠬᠡᠦᠬᠡᠳ ᠤᠨ ᠴᠡᠴᠡᠷᠯᠢᠭ ᠨᠢ ᠲᠤᠰ ᠬᠤᠭᠤᠴᠠᠭ᠎ᠠ ᠭᠣᠣᠯᠳᠠᠭᠤ ᠴᠡᠴᠡᠷᠯᠢᠭ ᠤᠨ ᠵᠠᠯᠠᠭᠤ ᠨᠢᠭᠡ ᠦᠶ᠎ᠡ ᠶᠢᠨ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠦᠨ ᠰᠢᠯᠢᠳᠡᠭᠵᠢᠭᠦᠯᠬᠦ ᠪᠠᠷ ᠵᠣᠷᠢᠯᠭ᠎ᠠ ᠪᠠᠨ ᠪᠣᠯᠭᠠᠵᠤ ᠂ ᠴᠡᠴᠡᠷᠯᠢᠭ ᠤᠨ ᠵᠠᠯᠠᠭᠤ ᠪᠠᠭᠰᠢ ᠨᠠᠷ ᠤᠨ ᠦᠨᠳᠦᠰᠦᠨ ᠪᠣᠯᠪᠠᠰᠤᠷᠠᠯ ᠢ ᠴᠢᠩᠭᠠᠳᠭᠠᠵᠤ ᠂ ᠲᠡᠳᠡᠨ ᠢ ᠴᠡᠴᠡᠷᠯᠢᠭ ᠤᠨ ᠠᠰᠠᠷᠠᠵᠤ ᠬᠥᠮᠦᠵᠢᠭᠦᠯᠬᠦ ᠡᠳᠦᠷ ᠲᠤᠲᠤᠮ ᠤᠨ ᠠᠵᠢᠯᠯᠠᠭᠠᠨ ᠬᠥᠳᠡᠯᠭᠡᠭᠡᠨ ᠳᠤ ᠴᠠᠭᠠᠷᠠᠭᠤᠯᠵᠤ ᠡᠯ᠎ᠡ ᠲᠠᠯ᠎ᠠ ᠪᠠᠷ ᠳᠠᠪᠲᠠᠨ ᠪᠣᠯᠪᠠᠰᠤᠷᠠᠭᠤᠯᠬᠤ ᠶᠢ ᠱᠠᠭᠠᠷᠳᠠᠭᠰᠠᠭᠠᠷ ᠢᠷᠡᠪᠡ ᠃
    2014 ᠣᠨ ᠤ12 ᠰᠠᠷ᠎ᠠ ᠶᠢᠨ30 ᠣ᠋ ᠡᠳᠦᠷ ᠤᠨ ᠦᠳᠡ ᠶᠢᠨ ᠡᠮᠦᠨ᠎ᠡ ᠴᠡᠴᠡᠷᠯᠢᠭ ᠤᠨ ᠵᠠᠯᠠᠭᠤ ᠪᠠᠭᠰᠢ ᠨᠠᠷ ᠤᠨ ᠦᠨᠳᠦᠰᠦᠨ ᠪᠣᠯᠪᠠᠰᠤᠷᠠᠯ ᠤᠨ ᠮᠥᠷᠦᠢᠴᠡᠭᠡᠨ ᠢ ᠵᠣᠬᠢᠶᠠᠨ ᠪᠠᠢᠭᠤᠯᠵᠤ ᠡᠷᠴᠢᠮ ᠲᠠᠢ ᠰᠠᠢᠬᠠᠨ ᠶᠠᠪᠤᠭᠳᠠᠭᠤᠯᠤᠭᠰᠠᠨ ᠪᠠᠢᠨ᠎ᠠ ᠃ ᠮᠥᠷᠦᠢᠴᠡᠭᠡᠨ ᠨᠢ ᠪᠣᠯᠤᠳ ᠪᠢᠷ ᠂ ᠳᠥᠬᠦᠮ ᠵᠢᠷᠤᠭ ᠂ ᠳᠠᠭᠤᠤ ᠬᠥᠭᠵᠢᠮ ᠂ ᠪᠥᠵᠢᠭ ᠂ ᠬᠡᠦᠬᠡᠳ ᠤᠨ ᠦᠯᠢᠭᠡᠷ ᠵᠡᠷᠭᠡ ᠠᠭᠤᠯᠭ᠎ᠠ ᠪᠠᠷ ᠶᠠᠪᠤᠭᠳᠠᠵᠤ ᠮᠥᠷᠦᠢᠴᠡᠭᠡᠨ ᠤ ᠳ᠋ᠦᠩ ᠳᠦ 小 ᠰᠣᠶᠤᠯ ᠨᠢᠭᠡᠳᠦᠭᠡᠷ ᠂ ᠣᠶᠤᠨ ᠂ ᠨᠠᠨᠳᠢᠨ ᠬᠣᠶᠠᠳᠤᠭᠠᠷ ᠂ ᠶᠦᠩ ᠬᠤᠸᠠ ᠂ ᠰᠤᠷᠤᠨ᠎ᠠ ᠂ ᠨᠠᠢᠷᠰᠠᠭ ᠭᠤᠷᠪᠠᠳᠤᠭᠠᠷ ᠲᠣ ᠲᠤᠰ ᠲᠤᠰ ᠲᠣᠳᠤᠷᠠᠵᠤ ᠴᠡᠴᠡᠷᠯᠢᠭ ᠡᠴᠡ ᠬᠥᠬᠢᠭᠦᠯᠦᠨ ᠵᠣᠷᠢᠭᠵᠢᠭᠤᠯᠪᠠ ᠃


ᠵᠤᠬᠢᠶᠠᠭᠴᠢ: ᠽᠠᠨᠳᠠᠨ

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持