ᠰᠣᠨᠢᠨ ᠮᠡᠳᠡᠭᠡ
ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠭᠡᠷ  ᠤᠨ ᠠᠬᠠᠮᠠᠳ ᠤᠨ ᠬᠤᠷᠠᠯ ᠬᠢᠪᠡ
2015.01.06 ᠲᠣᠰ ᠥᠷᠲᠡᠭᠡᠨ ᠦ ᠨᠠᠢᠷᠠᠭᠤᠯᠤᠭᠴᠢ

    2014 ᠣᠨ ᠤ11 ᠰᠠᠷ᠎ᠠ ᠶᠢᠨ22 ᠣ᠋ ᠡᠳᠦᠷ ᠤᠨ ᠦᠳᠡ ᠶᠢᠨ ᠡᠮᠦᠨ᠎ᠡ ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠭᠡᠷ ᠤᠨ ᠠᠬᠠᠮᠠᠳ ᠤᠨ ᠬᠤᠷᠠᠯ ᠬᠢᠪᠡ ᠃ ᠮᠣᠩᠭᠤᠯ ᠬᠡᠦᠬᠡᠳ ᠤᠨ ᠴᠡᠴᠡᠷᠯᠢᠭ ᠡᠨᠡ ᠵᠢᠯ ᠤᠨ 9 ᠰᠠᠷ᠎ᠠ ᠡᠴᠡ ᠪᠡᠶ᠎ᠡ ᠪᠠᠨ ᠳᠠᠭᠠᠭᠠᠭᠰᠠᠨ ᠲᠤᠰᠠᠭᠠᠷ ᠨᠢᠭᠡᠨ ᠪᠠᠢᠭᠤᠯᠭ᠎ᠠ ᠪᠣᠯᠤᠭᠰᠠᠨ ᠡᠴᠡ ᠨᠠᠰᠢ ᠴᠡᠴᠡᠷᠯᠢᠭ ᠤᠨ ᠤᠳᠤᠷᠢᠳᠤᠯᠭ᠎ᠠ ᠪᠤᠯᠤᠨ ᠪᠦᠬᠦ ᠪᠠᠭᠰᠢ ᠠᠵᠢᠯᠲᠠᠨ ᠴᠡᠴᠡᠷᠯᠢᠭ ᠢᠶᠠᠨ ᠰᠢᠨ᠎ᠡ ᠳᠦᠷᠢ ᠲᠥᠷᠬᠦ ᠲᠠᠢ ᠪᠣᠯᠭᠠᠬᠤ ᠪᠠᠷ ᠬᠡᠳᠦᠨ ᠰᠠᠷ᠎ᠠ ᠶᠠᠭᠠᠷᠠᠯ ᠲᠠᠢ ᠠᠵᠢᠯᠯᠠᠭᠰᠠᠨ ᠪᠠᠢᠨ᠎ᠠ ᠃ ᠬᠤᠷᠠᠯ ᠤᠨ ᠭᠣᠣᠯ ᠵᠣᠷᠢᠯᠭ᠎ᠠ ᠨᠢ ᠴᠡᠴᠡᠷᠯᠢᠭ ᠤᠨ ᠬᠡᠦᠬᠡᠳ ᠤᠨ ᠪᠡᠶ᠎ᠡ ᠰᠡᠳᠭᠢᠴᠡ ᠶᠢᠨ ᠡᠷᠡᠭᠦᠯ ᠢᠶᠠᠷ ᠦᠰᠦᠨ ᠪᠣᠢᠵᠢᠬᠤ ᠶᠢ ᠪᠠᠲᠤᠯᠠᠬᠤ ᠶᠢᠨ ᠲᠥᠯᠦᠭᠡ ᠴᠡᠴᠡᠷᠯᠢᠭ ᠪᠠ ᠭᠡᠷ ᠤᠨ ᠠᠬᠠᠮᠠᠳ ᠤᠨ ᠬᠠᠮᠵᠢᠯᠴᠠᠭ᠎ᠠ ᠶᠢ ᠴᠢᠩᠭᠠᠳᠭᠠᠵᠤ ᠂ ᠭᠡᠷ ᠪᠦᠯᠢ ᠶᠢᠨ ᠰᠤᠷᠭᠠᠨ ᠬᠥᠮᠦᠵᠢᠯ ᠪᠠ ᠴᠡᠴᠡᠷᠯᠢᠭ ᠤᠨ ᠰᠤᠷᠭᠠᠨ ᠬᠥᠮᠦᠵᠢᠯ ᠤᠨ ᠤᠷᠤᠭᠰᠢᠲᠠᠢ ᠶᠠᠪᠤᠭᠳᠠᠭᠤᠯᠬᠤ ᠶᠢᠨ ᠡᠭᠦᠳᠡᠨ ᠡᠴᠡ ᠴᠡᠴᠡᠷᠯᠢᠭ ᠤᠨ ᠪᠣᠳᠠᠲᠤ ᠪᠠᠢᠳᠠᠯ ᠢᠶᠠᠨ ᠭᠡᠷ ᠤᠨ ᠠᠬᠠᠮᠠᠳ ᠲᠣ ᠲᠠᠨᠢᠯᠴᠠᠭᠤᠯᠬᠤ ᠶᠢᠨ ᠬᠠᠮᠲᠤ ᠴᠡᠴᠡᠷᠯᠢᠭ ᠢᠶᠠᠨ ᠬᠣᠵᠢᠮ ᠥᠷᠭᠡᠨ ᠤᠯᠠᠨ ᠭᠡᠷ ᠤᠨ ᠠᠬᠠᠮᠠᠳ ᠤᠨ ᠰᠡᠳᠭᠢᠯ ᠳᠤ ᠬᠦᠷᠦᠭᠰᠡᠨ ᠰᠢᠨᠵᠢᠯᠡᠬᠦ ᠤᠬᠠᠭᠠᠨᠵᠢᠭᠰᠠᠨ ᠂ ᠰᠢᠰᠲ᠋ᠧᠮᠵᠢᠯᠠᠭᠰᠠᠨ ᠪᠦᠷᠢᠨ ᠲᠥᠬᠦᠷ ᠴᠡᠴᠡᠷᠯᠢᠭ ᠪᠣᠯᠭᠠᠨ ᠪᠦᠲᠦᠭᠡᠨ ᠪᠠᠢᠭᠤᠯᠬᠤ ᠲᠤᠬᠠᠢ ᠲᠡᠮᠡᠴᠡᠬᠦ ᠬᠠᠷᠠᠯᠲᠠ ᠪᠠᠨ ᠢᠯᠡᠳᠭᠡᠭᠰᠡᠨ ᠪᠠᠢᠨ᠎ᠠ ᠃
ᠬᠤᠷᠠᠯ ᠤᠨ ᠠᠭᠤᠯᠭ᠎ᠠ ᠄
    1. ᠴᠡᠴᠡᠷᠯᠢᠭ ᠤᠨ ᠳᠠᠷᠤᠭ᠎ᠠ ᠰᠡᠴᠡᠩᠭᠤᠸ᠎ᠠ ᠡᠴᠡ ᠴᠡᠴᠡᠷᠯᠢᠭ ᠤᠨ ᠪᠣᠳᠠᠲᠤ ᠪᠠᠢᠳᠠᠯ ᠢᠶᠠᠨ ᠲᠠᠨᠢᠯᠴᠠᠭᠤᠯᠵᠤ ᠂ ᠬᠤᠢᠰᠢᠲᠡ ᠶᠢᠨ ᠠᠵᠢᠯ ᠤᠨ ᠬᠠᠷᠠᠯᠲᠠ ᠪᠠᠨ ᠲᠤᠰᠢᠶᠠᠵᠠᠢ ᠃
    2. ᠠᠰᠠᠷᠠᠵᠤ ᠬᠥᠮᠦᠵᠢᠭᠦᠯᠬᠦ ᠠᠵᠢᠯ ᠢ ᠬᠠᠷᠢᠭᠤᠴᠠᠵᠤ ᠪᠠᠢᠭ᠎ᠠ ᠤ ᠂ ᠦᠷᠢᠨᠲᠤᠶᠠᠭ᠎ᠠ ᠡᠴᠡ ᠴᠡᠴᠡᠷᠯᠢᠭ ᠤᠨ ᠠᠰᠠᠷᠠᠵᠤ ᠬᠥᠮᠦᠵᠢᠭᠦᠯᠬᠦ ᠠᠵᠢᠯ ᠤᠨ ᠲᠤᠬᠠᠢ ᠠᠭᠤᠯᠭ᠎ᠠ ᠶᠢ ᠲᠠᠨᠢᠭᠤᠯᠵᠤ ᠂ ᠬᠡᠦᠬᠡᠳ ᠤᠨ ᠬᠥᠭᠵᠢᠯᠲᠡ ᠶᠢᠨ ᠵᠢᠮ᠎ᠡ ᠶᠣᠰᠤ ᠪᠠᠷ ᠬᠡᠷᠬᠢᠨ ᠬᠥᠮᠦᠵᠢᠭᠦᠯᠬᠦ ᠲᠤᠬᠠᠢ ᠰᠠᠨᠠᠯ ᠢᠶᠠᠨ ᠳᠤᠷᠠᠳᠴᠠᠢ ᠃
    3. ᠠᠷᠤ ᠦᠢᠯᠡᠴᠢᠯᠡᠭᠡᠨ ᠤ ᠠᠵᠢᠯ ᠤᠨ ᠶᠡᠷᠦᠩᠬᠡᠢ ᠬᠠᠮᠢᠶᠠᠷᠤᠭᠴᠢ ᠣᠷᠭᠢᠯ ᠡᠴᠡ ᠠᠷᠤ ᠦᠢᠯᠡᠴᠢᠯᠡᠭᠡᠨ ᠤ ᠠᠵᠢᠯ ᠤᠨ ᠲᠤᠬᠠᠢ ᠣᠳᠤ ᠶᠢᠨ ᠣᠷᠤᠰᠢᠵᠤ ᠪᠠᠢᠬᠤ ᠬᠦᠴᠢᠷᠳᠡᠯᠭᠡ ᠪᠤᠯᠤᠨ ᠬᠣᠵᠢᠮ ᠤᠨ ᠬᠡᠦᠬᠡᠳ ᠤᠨ ᠢᠳᠡᠵᠦ ᠤᠤᠭᠤᠬᠤ ᠂ ᠤᠨᠲᠠᠵᠤ ᠠᠮᠠᠷᠠᠬᠤ ᠂ ᠨᠠᠭᠠᠳᠴᠤ ᠲᠣᠭᠯᠠᠬᠤ ᠵᠡᠷᠭᠡ ᠦᠨᠳᠦᠰᠦᠨ ᠨᠥᠬᠦᠴᠡᠯ ᠢ ᠪᠦᠷᠢᠯᠳᠦᠭᠦᠯᠡᠨ ᠂ ᠴᠢᠨᠠᠷᠵᠢᠭᠤᠯᠬᠤ ᠲᠤᠬᠠᠢ ᠶᠠᠷᠢᠵᠠᠢ ᠃
    4. ᠴᠡᠴᠡᠷᠯᠢᠭ ᠤᠨ ᠱᠦᠵᠢ ᠡᠷᠳᠡᠨᠢᠴᠢᠮᠡᠭ ᠡᠴᠡ ᠴᠡᠴᠡᠷᠯᠢᠭ ᠤᠨ ᠬᠡᠪᠴᠢᠶᠡᠨ ᠤ ᠡᠷᠡᠭᠦᠯ ᠬᠠᠮᠠᠭᠠᠯᠠᠯ ᠪᠤᠯᠤᠨ ᠬᠡᠦᠬᠡᠳ ᠤᠨ ᠠᠮᠤᠷ ᠲᠦᠪᠰᠢᠨ ᠤ ᠲᠤᠬᠠᠢ ᠰᠠᠨᠠᠭᠤᠯᠭ᠎ᠠ ᠪᠠᠨ ᠳᠤᠷᠠᠳᠴᠠᠢ ᠃
    5. 《 ᠴᠡᠴᠡᠷᠯᠢᠭ ᠪᠠ ᠭᠡᠷ ᠤᠨ ᠠᠬᠠᠮᠠᠳ ᠤᠨ ᠠᠮᠤᠷ ᠲᠦᠪᠰᠢᠨ ᠤ ᠬᠠᠷᠢᠭᠤᠴᠠᠯᠭ᠎ᠠ 》 ᠶᠢᠨ ᠪᠢᠴᠢᠭ᠌ ᠲᠣ ᠭᠡᠷ ᠤᠨ ᠠᠬᠠᠮᠠᠳ ᠭᠠᠷ ᠤᠨ ᠦᠰᠦᠭ ᠵᠢᠷᠤᠵᠤ ᠬᠠᠷᠢᠯᠴᠠᠨ ᠰᠠᠨᠠᠯ ᠨᠢᠭᠡᠲᠡᠢ ᠵᠥᠪᠰᠢᠶᠡᠷᠡᠵᠡᠢ ᠃

 

 

 

ᠵᠤᠬᠢᠶᠠᠭᠴᠢ: ᠽᠠᠨᠳᠠᠨ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持