ᠰᠣᠨᠢᠨ ᠮᠡᠳᠡᠭᠡ
ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠰᠢᠨ᠎ᠡ ᠵᠢᠯ ᠢᠶᠠᠨ ᠤᠭᠲᠤᠬᠤ ᠤᠷᠠᠨ ᠰᠠᠢᠬᠠᠨ ᠤ ᠲᠣᠭᠯᠠᠯᠲᠠ ᠭᠠᠷᠭᠠᠪᠠ
2015.01.06 ᠲᠣᠰ ᠥᠷᠲᠡᠭᠡᠨ ᠦ ᠨᠠᠢᠷᠠᠭᠤᠯᠤᠭᠴᠢ

    2014 ᠣᠨ ᠤ12 ᠰᠠᠷ᠎ᠠ ᠶᠢᠨ26 ᠣ᠋ ᠡᠳᠦᠷ ᠤᠨ ᠦᠳᠡ ᠶᠢᠨ ᠡᠮᠦᠨ᠎ᠡ ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠬᠣᠰᠢᠭᠤᠨ ᠤ ᠠᠵᠢᠯᠲᠠᠨ ᠤ ᠡᠪᠯᠡᠯ ᠤᠨ ᠠᠰᠠᠷ ᠤᠨ ᠬᠤᠷᠠᠯ ᠤᠨ ᠲᠠᠯᠠᠪᠤᠷ ᠲᠣ 2015 ᠣᠨ ᠤ ᠰᠢᠨ᠎ᠡ ᠵᠢᠯ ᠢᠶᠠᠨ ᠤᠭᠲᠤᠬᠤ ᠭᠡᠷ ᠤᠨ ᠠᠬᠠᠮᠠᠳ ᠪᠤᠯᠤᠨ ᠴᠡᠴᠡᠷᠯᠢᠭ ᠤᠨ ᠬᠡᠦᠬᠡᠳ ᠂ ᠪᠠᠭᠰᠢ ᠠᠵᠢᠯᠲᠠᠨ ᠤ ᠬᠠᠮᠲᠤᠷᠠᠭᠰᠠᠨ ᠲᠣᠭᠯᠠᠯᠲᠠ ᠭᠠᠷᠭᠠᠭᠰᠠᠨ ᠪᠠᠢᠨ᠎ᠠ ᠃ ᠡᠨᠡ ᠤᠳᠠᠭᠠᠨ ᠤ ᠲᠣᠭᠯᠠᠯᠲᠠ ᠨᠢ ᠭᠡᠷ ᠤᠨ ᠠᠬᠠᠮᠠᠳ ᠪᠤᠯᠤᠨ ᠴᠡᠴᠡᠷᠯᠢᠭ ᠤᠨ ᠬᠣᠭᠤᠷᠤᠨᠳᠤᠬᠢ ᠪᠦᠯᠬᠦᠮᠳᠡᠯ ᠨᠢᠭᠲᠠᠷᠠᠯ ᠪᠤᠯᠤᠨ ᠡᠶ᠎ᠡ ᠵᠣᠬᠢᠴᠠᠯ ᠢ ᠬᠠᠷᠠᠭᠤᠯᠤᠭᠰᠠᠨ ᠨᠢᠭᠡᠨ ᠤᠳᠠᠭᠠᠨ ᠤ ᠲᠣᠭᠯᠠᠯᠲᠠ ᠪᠥᠭᠡᠳ ᠲᠣᠭᠯᠠᠯᠲᠠ ᠪᠠᠷ ᠳᠠᠮᠵᠢᠭᠤᠯᠵᠤ ᠂ ᠮᠣᠩᠭᠤᠯ ᠬᠡᠦᠬᠡᠳ ᠤᠨ ᠴᠡᠴᠡᠷᠯᠢᠭ ᠤᠨ ᠬᠢᠨᠢ ᠡᠯ᠎ᠡ ᠲᠠᠯ᠎ᠠ ᠶᠢᠨ ᠡᠭᠦᠳᠦᠨ ᠪᠦᠲᠦᠭᠡᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠥᠪᠡᠷᠮᠢᠴᠡ ᠣᠨᠴᠠᠯᠢᠭ ᠪᠦᠬᠦᠢ ᠠᠪᠢᠶᠠᠰ ᠴᠢᠳᠠᠪᠤᠷᠢ ᠪᠠᠨ ᠢᠯᠡᠷᠡᠭᠦᠯᠵᠦ ᠴᠢᠳᠠᠭᠰᠠᠨ ᠪᠠᠢᠨ᠎ᠠ ᠃

    ᠯᠢᠨᠳᠦ᠋ᠩ ᠤᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠬᠡᠳᠦᠨ ᠠᠷᠪᠠᠨ ᠵᠢᠯ ᠤᠨ ᠲᠤᠷᠰᠢᠬᠢ ᠳᠣᠯᠭᠢᠶᠠᠨ ᠳᠠᠪᠠᠯᠭᠠᠨ ᠲᠠᠢ ᠲᠡᠦᠬᠡᠨ ᠴᠠᠭ ᠦᠶ᠎ᠡ ᠶᠢ ᠥᠩᠭᠡᠷᠡᠭᠦᠯᠦᠭᠡᠳ ᠲᠤᠰ ᠵᠢᠯ ᠤᠨ ᠶᠢᠰᠦᠨ ᠰᠠᠷ᠎ᠠ ᠳᠤ ᠳᠡᠭᠡᠳᠦ ᠱᠠᠳᠤᠨ ᠤ ᠲᠤᠬᠢᠷᠠᠭᠤᠯᠤᠯᠭ᠎ᠠ ᠪᠠᠷ ᠬᠠᠮᠢᠶᠠᠷᠤᠯᠲᠠ ᠪᠠᠨ ᠲᠤᠰᠬᠠᠢᠵᠢᠭᠤᠯᠤᠨ ᠪᠡᠶ᠎ᠡ ᠪᠠᠨ ᠳᠠᠭᠠᠭᠠᠭᠰᠠᠨ ᠬᠡᠦᠬᠡᠳ ᠤᠨ ᠴᠡᠴᠡᠷᠯᠢᠭ ᠪᠣᠯᠤᠭᠰᠠᠨ ᠡᠴᠡ ᠡᠬᠢᠯᠡᠨ ᠮᠠᠨ ᠤ ᠬᠣᠰᠢᠭᠤᠨ ᠤ ᠡᠯ᠎ᠡ ᠰᠠᠯᠠᠭ᠎ᠠ ᠮᠥᠴᠢᠷ ᠤᠨ ᠬᠠᠪᠰᠤᠷᠤᠯᠭ᠎ᠠ ᠳᠡᠮᠵᠢᠯᠭᠡ ᠪᠤᠯᠤᠨ ᠥᠷᠭᠡᠨ ᠤᠯᠠᠨ ᠭᠡᠷ ᠤᠨ ᠠᠬᠠᠮᠠᠳ ᠤᠨ ᠢᠳᠡᠪᠬᠢᠲᠡᠢ ᠬᠠᠮᠵᠢᠯᠴᠠᠭ᠎ᠠ ᠪᠠᠷ ᠬᠡᠦᠬᠡᠳ ᠢᠶᠠᠨ ᠠᠰᠠᠷᠠᠵᠤ ᠬᠥᠮᠦᠵᠢᠭᠦᠯᠬᠦ ᠠᠵᠢᠯ ᠢᠶᠠᠨ ᠲᠥᠯᠦᠪᠯᠡᠭᠡ ᠲᠠᠢ ᠠᠯᠬᠤᠮ ᠳᠠᠷᠠᠭ᠎ᠠ ᠲᠠᠢ ᠶᠠᠪᠤᠭᠳᠠᠭᠤᠯᠵᠤ ᠪᠦᠬᠦ ᠪᠠᠭᠰᠢ ᠠᠵᠢᠯᠲᠠᠳ ᠢᠳᠡᠪᠬᠢᠲᠡᠢ ᠠᠵᠢᠯᠯᠠᠵᠤ ᠂ ᠲᠣᠪᠤᠢᠮ᠎ᠠ ᠠᠮᠵᠢᠯᠲᠠ ᠶᠢ ᠲᠡᠮᠡᠴᠡᠨ ᠣᠯᠤᠭᠰᠠᠨ ᠤ ᠦᠷ᠎ᠡ ᠳ᠋ᠦᠩ ᠳᠤ ᠰᠢᠯᠢᠳᠡᠭ ᠬᠠᠮᠲᠤ ᠨᠡᠢᠲᠡ ᠪᠠ ᠰᠢᠯᠢᠳᠡᠭ ᠬᠤᠪᠢ ᠬᠥᠮᠦᠨ ᠴᠣᠯᠭᠤᠷᠠᠨ ᠭᠠᠷᠴᠤ ᠴᠢᠳᠠᠭᠰᠠᠨ ᠪᠠᠢᠨ᠎ᠠ ᠃ ᠳᠠᠷᠤᠢ ᠪᠤᠲᠠᠲᠠᠢ ᠪᠠᠷ ᠳᠤᠷᠠᠳᠪᠠᠯ ᠰᠢᠯᠢᠳᠡᠭ ᠪᠠᠭᠰᠢ ᠠᠵᠢᠯᠲᠠᠨ ᠡᠴᠡ ᠼᠦᠢ ᠯᠢᠶᠠᠨ ᠂ ᠴᠡᠪᠡᠷ᠎ᠡ ᠂ ᠯᠢᠩ ᠰᠢᠶᠠᠨ ᠂ 小 ᠰᠣᠶᠤᠯ ᠵᠢᠴᠢ ᠤᠷᠠᠯᠢᠭ ᠤᠨ ᠪᠦᠲᠦᠭᠡᠯ ᠤᠨ ᠰᠢᠯᠭᠠᠷᠠᠭᠤᠯᠤᠯᠲᠠ ᠳᠤ ᠶᠡᠬᠡ ᠬᠣᠶᠠᠳᠤᠭᠠᠷ ᠠᠩᠭᠢ ᠂ ᠬᠣᠶᠠᠳᠤᠭᠠᠷ ᠲᠡᠰ ᠲᠣ ᠪᠠᠭ᠎ᠠ ᠠᠩᠭᠢ ᠂ ᠭᠤᠷᠪᠠᠳᠤᠭᠠᠷ ᠲᠡᠰ ᠲᠣ ᠳᠤᠮᠳᠠ ᠠᠩᠭᠢ ᠪᠤᠯᠤᠨ ᠶᠡᠬᠡ ᠨᠢᠭᠡᠳᠦᠭᠡᠷ ᠠᠩᠭᠢ ᠲᠣᠳᠤᠷᠠᠵᠤ ᠂ ᠴᠡᠴᠡᠷᠯᠢᠭ ᠤᠨ ᠠᠵᠢᠯ ᠤᠨ ᠡᠷᠴᠢᠮ ᠤᠯᠠᠮ ᠢᠶᠠᠷ ᠴᠢᠩᠭᠠᠷᠠᠭᠰᠠᠨ ᠪᠠᠢᠨ᠎ᠠ ᠃ ᠲᠤᠰ ᠤᠳᠠᠭᠠᠨ ᠤ ᠲᠣᠭᠯᠠᠯᠲᠠ ᠨᠢ ᠢᠯᠠᠯᠲᠠ ᠶᠢᠨ ᠡᠷᠴᠢᠨ ᠳᠡᠭᠡᠷ᠎ᠡ ᠪᠠᠨ ᠶᠠᠪᠤᠭᠳᠠᠭᠰᠠᠨ ᠭᠡᠷ ᠤᠨ ᠠᠬᠠᠮᠠᠳ ᠪᠤᠯᠤᠨ ᠴᠡᠴᠡᠷᠯᠢᠭ ᠤᠨ ᠪᠦᠬᠦ ᠪᠠᠭᠰᠢ ᠠᠵᠢᠯᠲᠠᠨ ᠬᠢᠭᠡᠳ ᠬᠡᠦᠬᠡᠳ ᠤᠨ ᠣᠶᠤᠨ ᠤᠬᠠᠭᠠᠨ ᠤ ᠦᠷ᠎ᠡ ᠪᠦᠲᠦᠭᠡᠯ ᠪᠣᠯᠵᠤ ᠴᠡᠴᠡᠷᠯᠢᠭ ᠢ ᠳᠠᠮᠵᠢᠵᠤ ᠲᠤᠰᠠᠯᠠᠭᠰᠠᠨ ᠡᠯ᠎ᠡ ᠰᠠᠯᠠᠭ᠎ᠠ ᠮᠥᠴᠢᠷ ᠪᠤᠯᠤᠨ ᠬᠠᠯᠠᠭᠤᠨ ᠰᠡᠳᠭᠢᠯᠲᠦ ᠬᠥᠮᠦᠰ ᠲᠣ ᠲᠠᠯᠠᠷᠬᠠᠯ ᠢᠶᠠᠨ ᠳᠡᠪᠰᠢᠭᠦᠯᠦᠭᠰᠡᠨ ᠰᠡᠳᠭᠢᠯ ᠤᠨ ᠴᠤᠤᠷᠢᠶ᠎ᠠ ᠪᠣᠯᠤᠭᠰᠠᠨ ᠪᠠᠢᠨ᠎ᠠ ᠃

 

 

 

 

 

 

 

 

 

ᠵᠤᠬᠢᠶᠠᠭᠴᠢ: ᠽᠠᠨᠳᠠᠨ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持