ᠰᠣᠨᠢᠨ ᠮᠡᠳᠡᠭᠡ
ᠴᠡᠴᠡᠷᠯᠢᠭ ᠤᠨ ᠠᠩᠭᠢ ᠶᠢᠨ ᠬᠢᠨ ᠶᠡᠬᠡ ᠠᠩᠭᠢ ᠶᠢᠨ ᠬᠡᠦᠬᠡᠳ ᠢᠶᠠᠨ ᠲᠣᠭᠤᠷᠢᠨ ᠨᠠᠭᠠᠳᠤᠭᠤᠯᠪᠠ
2014.07.08 ᠲᠣᠰ ᠥᠷᠲᠡᠭᠡᠨ ᠦ ᠨᠠᠢᠷᠠᠭᠤᠯᠤᠭᠴᠢ

    2014 ᠣᠨ ᠤ 7 ᠰᠠᠷ᠎ᠠ ᠶᠢᠨ 5 ᠤ ᠡᠳᠦᠷ ᠤᠨ ᠦᠳᠡ ᠶᠢᠨ ᠬᠣᠢᠨ᠎ᠠ ᠯᠢᠨᠳᠦ᠋ᠩ ᠤᠨ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠴᠡᠴᠡᠷᠯᠢᠭ ᠤᠨ ᠠᠩᠭᠢ ᠶᠢᠨ ᠶᠡᠬᠡ ᠠᠩᠭᠢ ᠶᠢᠨ ᠬᠡᠦᠬᠡᠳ ᠤᠳ ᠪᠠᠭᠰᠢ ᠪᠤᠯᠤᠨ ᠭᠡᠷ ᠤᠨ ᠠᠬᠠᠮᠠᠳ ᠲᠠᠢ ᠬᠠᠮᠲᠤ ᠬᠢᠯᠪᠠᠷ ᠵᠤᠤ ᠶᠢᠨ ᠦᠵᠡᠮᠵᠢᠲᠦ ᠣᠷᠤᠨ ᠢᠶᠠᠷ ᠲᠣᠭᠤᠷᠢᠨ ᠵᠤᠭᠠᠴᠠᠪᠠ ᠃ ᠮᠠᠨ ᠤ ᠴᠡᠴᠡᠷᠯᠢᠭ ᠤᠨ ᠠᠩᠭᠢ ᠶᠢᠨ ᠬᠢᠨ ᠤᠳᠠᠭᠠᠨ ᠵᠢᠯ ᠤᠨ ᠲᠤᠷᠰᠢ ᠬᠡᠦᠬᠡᠳ ᠤᠨ ᠠᠮᠢ ᠨᠠᠰᠤ ᠶᠢ ᠬᠠᠮᠠᠭᠠᠯᠠᠬᠤ ᠪᠠ ᠡᠷᠡᠭᠦᠯ ᠡᠩᠬᠡ ᠶᠢ ᠠᠬᠢᠭᠤᠯᠵᠤ ᠂ ᠬᠡᠦᠬᠡᠳ ᠤᠨ ᠪᠡᠶ᠎ᠡ ᠴᠣᠭᠴᠠᠰ ᠤᠨ ᠬᠡᠪ ᠤᠨ ᠥᠰᠦᠯᠲᠡ ᠪᠠ ᠴᠢᠳᠠᠪᠤᠷᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠠᠪᠤᠳᠠᠯ ᠢ ᠠᠵᠢᠯ ᠤᠨ ᠢᠶᠠᠨ ᠲᠡᠷᠢᠭᠦᠨ ᠪᠠᠢᠷᠢᠨ ᠳᠤ ᠲᠠᠯᠪᠢᠭᠰᠠᠭᠠᠷ ᠢᠷᠡᠵᠡᠢ ᠃ ᠶᠡᠬᠡ ᠠᠩᠭᠢ ᠶᠢᠨ ᠬᠡᠦᠬᠡᠳ ᠤᠳ ᠮᠠᠨᠢ ᠲᠤᠰ ᠴᠡᠴᠡᠷᠯᠢᠭ ᠲᠣ ᠢᠷᠡᠭᠡᠳ ᠭᠤᠷᠪᠠᠨ ᠵᠢᠯ ᠤᠨ ᠪᠠᠶᠠᠷ ᠬᠦᠷ ᠲᠠᠢ ᠪᠠᠯᠴᠢᠷ ᠨᠠᠰᠤ ᠪᠠᠨ ᠥᠩᠭᠡᠷᠡᠭᠦᠯᠵᠦ ᠂ ᠪᠡᠶ᠎ᠡ ᠰᠡᠳᠭᠢᠴᠡ ᠡᠷᠡᠭᠦᠯ ᠢᠶᠠᠷ ᠦᠰᠦᠨ ᠪᠣᠢᠵᠢᠵᠤ ᠂ ᠴᠡᠴᠡᠷᠯᠢᠭ ᠤᠨ ᠠᠩᠭᠢ ᠪᠠᠨ ᠰᠠᠶᠢᠬᠠᠨ ᠲᠡᠭᠦᠰᠭᠡᠭᠡᠳ ᠂ ᠨᠠᠮᠤᠷ ᠡᠴᠡ ᠪᠠᠭ᠎ᠠ ᠰᠤᠷᠭᠠᠭᠤᠯᠢ ᠳᠤ ᠣᠷᠤᠵᠤ ᠂ ᠰᠤᠷᠤᠭᠴᠢ ᠠᠮᠢᠳᠤᠷᠠᠯ ᠢᠶᠠᠨ ᠡᠬᠢᠯᠡᠭᠦᠯᠬᠦ ᠪᠠᠷ ᠪᠠᠢᠭ᠎ᠠ ᠲᠤᠯᠠ ᠬᠡᠦᠬᠡᠳ  ᠤᠨ ᠪᠠᠢᠭᠠᠯᠢ ᠣᠷᠴᠢᠨ ᠪᠠ ᠨᠡᠢᠭᠡᠮ ᠤᠨ ᠣᠷᠴᠢᠨ ᠲᠠᠢ ᠣᠢᠷᠠᠲᠤᠵᠤ ᠂ ᠪᠡᠶ᠎ᠡ ᠲᠠᠮᠢᠷ ᠤᠨ ᠬᠥᠳᠡᠯᠭᠡᠭᠡᠨ ᠪᠤᠯᠤᠨ ᠤᠯᠠᠨ ᠨᠡᠢᠲᠡ ᠶᠢᠨ ᠬᠥᠳᠡᠯᠭᠡᠭᠡᠨ ᠳᠤ ᠣᠷᠤᠯᠴᠠᠬᠤ ᠠᠮᠢᠳᠤᠷᠠᠯ ᠰᠤᠷᠤᠯᠴᠠᠯᠭ᠎ᠠ ᠶᠢ ᠨᠢ ᠲᠡᠯᠡᠵᠦ ᠥᠷᠭᠡᠳᠭᠡᠬᠦ ᠡᠭᠦᠳᠡᠨ ᠡᠴᠡ ᠴᠡᠴᠡᠷᠯᠢᠭ ᠪᠤᠯᠤᠨ ᠭᠡᠷ ᠤᠨ ᠠᠬᠠᠮᠠᠳ ᠬᠠᠮᠵᠢᠯᠴᠠᠨ ᠵᠥᠪᠳᠡᠯᠴᠡᠵᠦ ᠡᠢᠨᠬᠦ ᠬᠥᠳᠡᠯᠭᠡᠭᠡᠨ ᠢ ᠵᠣᠬᠢᠶᠠᠨ ᠪᠠᠢᠭᠤᠯᠤᠭᠰᠠᠨ ᠪᠠᠢᠨ᠎ᠠ ᠃ ᠬᠡᠦᠬᠡᠳ ᠤᠳ ᠮᠠᠨᠢ ᠡᠨᠡ ᠨᠢᠭᠡ ᠤᠳᠠᠭᠠᠨ ᠤ ᠪᠠᠶᠠᠷ ᠪᠠᠶᠠᠰᠭᠤᠯᠠᠩᠲᠤ ᠬᠥᠳᠡᠯᠭᠡᠭᠡᠨ ᠳᠤ ᠣᠷᠤᠯᠴᠠᠬᠤ ᠪᠠᠷ ᠳᠡᠮᠵᠢᠵᠦ ᠂① ᠨᠡᠢᠲᠡ ᠶᠢᠨ ᠬᠥᠳᠡᠯᠭᠡᠭᠡᠨ ᠠᠮᠢᠳᠤᠷᠠᠯ ᠳᠤ ᠤᠷᠮ᠎ᠠ ᠲᠣᠭᠲᠠᠭᠤᠨ ᠂ ᠪᠠᠶᠠᠰᠤᠩᠭᠤᠢ ᠪᠠᠢᠬᠤ ᠂ ᠪᠡᠶ᠎ᠡ ᠲᠠᠮᠢᠷ ᠤᠨ ᠬᠥᠳᠡᠯᠭᠡᠭᠡᠨ ᠳᠤ ᠣᠷᠤᠯᠴᠠᠬᠤ ᠳᠤᠷ᠎ᠠ ᠰᠣᠨᠢᠷᠬᠠᠯ ᠪᠣᠯᠬᠤ ᠂ ᠠᠮᠤᠷ ᠲᠦᠪᠰᠢᠨ ᠤ ᠲᠤᠬᠠᠢ ᠶᠡᠷᠦ ᠶᠢᠨ ᠮᠡᠳᠡᠯᠭᠡ ᠲᠠᠢ ᠪᠣᠯᠵᠤ ᠂ ᠥᠪᠡᠷ ᠢ ᠪᠠᠨ ᠬᠠᠮᠠᠭᠠᠯᠠᠵᠤ ᠰᠤᠷᠬᠤ ᠠᠩᠬ᠎ᠠ ᠠᠯᠬᠤᠮ ᠤᠨ ᠲᠠᠨᠢᠯᠲᠠ ᠲᠠᠢ ᠪᠣᠯᠵᠠᠢ ᠃② ᠡᠯ᠎ᠡ ᠵᠦᠢᠯ ᠤᠨ ᠬᠥᠳᠡᠯᠭᠡᠭᠡᠨ ᠳᠤ ᠢᠳᠡᠪᠬᠢᠲᠡᠢ ᠣᠷᠤᠯᠴᠠᠬᠤ ᠂ ᠬᠦᠴᠢᠷ ᠡᠴᠡ ᠠᠶᠤᠬᠤ ᠦᠭᠡᠢ ᠰᠥᠰᠦ ᠵᠣᠷᠢᠭ ᠲᠠᠢ ᠂ ᠬᠥᠳᠡᠯᠦᠩᠭᠦᠢ ᠪᠠᠶᠠᠰᠤᠩᠭᠤᠢ ᠣᠪᠤᠷ ᠰᠡᠳᠭᠢᠯᠭᠡ ᠶᠢ ᠪᠤᠢ ᠪᠣᠯᠭᠠᠬᠤ ᠂ ᠬᠠᠷᠢᠯᠴᠠᠨ ᠬᠠᠪᠰᠤᠷᠤᠯᠴᠠᠬᠤ ᠂ ᠬᠠᠮᠲᠤᠷᠠᠨ ᠠᠵᠢᠯᠯᠠᠬᠤ ᠪᠠ ᠬᠤᠪᠢᠶᠠᠯᠴᠠᠨ ᠡᠳ᠋ᠯᠡᠬᠦ ᠣᠪᠤᠷ ᠰᠤᠷᠲᠠᠯ ᠤᠨ ᠣᠢᠯᠠᠭᠠᠯᠲᠠ ᠲᠠᠢ ᠪᠣᠯᠵᠠᠢ ᠃③ ᠬᠡᠦᠬᠡᠳ ᠤᠳ ᠡᠴᠢᠭᠡ ᠡᠬᠡ ᠂ ᠠᠬᠠᠮᠠᠳ ᠨᠠᠰᠤᠲᠠᠨ ᠢᠶᠠᠨ ᠬᠦᠨᠳᠦᠳᠭᠡᠨ ᠬᠠᠢᠷᠠᠯᠠᠬᠤ ᠂ ᠪᠠᠭᠰᠢ ᠪᠤᠯᠤᠨ ᠬᠠᠨᠢ  ᠨᠦᠭᠦᠳ ᠢᠶᠠᠨ ᠬᠠᠢᠷᠠᠯᠠᠬᠤ ᠂ ᠬᠠᠮᠲᠤ ᠨᠡᠢᠲᠡ ᠪᠠᠨ ᠬᠠᠢᠷᠠᠯᠠᠬᠤ ᠨᠡᠢᠲᠡᠴᠢ ᠦᠵᠡᠯ ᠢ ᠪᠣᠳᠠᠲᠤ ᠦᠢᠯᠡᠳᠦᠯᠭᠡ ᠶᠢᠨ ᠳᠤᠮᠳᠠ ᠡᠴᠡ ᠪᠡᠶᠡᠴᠢᠯᠡᠨ ᠲᠠᠨᠢᠵᠠᠢ ᠃④ ᠡᠬᠡ ᠪᠠᠢᠭᠠᠯᠢ ᠲᠠᠢ ᠪᠠᠨ ᠠᠭᠤᠰᠤᠯᠴᠠᠬᠤ ᠬᠠᠪᠤ ᠴᠡᠩᠭᠡᠯ ᠢ ᠬᠦᠷᠲᠡᠵᠦ ᠂ ᠨᠤᠲᠤᠭ ᠤᠰᠤ ᠂ ᠡᠬᠡ ᠪᠠᠢᠭᠠᠯᠢ ᠪᠠᠨ ᠬᠠᠢᠷᠠᠯᠠᠵᠤ ᠬᠠᠮᠠᠭᠠᠯᠠᠬᠤ ᠠᠩᠬᠠᠨ ᠤ ᠬᠥᠮᠦᠵᠢᠯ ᠬᠦᠷᠲᠡᠭᠰᠡᠨ ᠪᠠᠢᠨ᠎ᠠ ᠃

ᠵᠣᠬᠢᠶᠠᠭᠴᠢ ᠄ ᠽᠠᠨᠳᠠᠨ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持