ᠰᠣᠨᠢᠨ ᠮᠡᠳᠡᠭᠡ
ᠴᠠᠭᠠᠨᠬᠠᠳᠠ ᠰᠤᠷᠭᠠᠭᠤᠯᠢ ᠶᠢᠨ ᠠᠩᠬᠠᠳᠤᠭᠠᠷ ᠤᠳᠠᠭᠠᠨ ᠤ ᠺᠣᠮᠫᠢᠦ᠋ᠲ᠋ᠧᠷ ᠤᠨ ᠤᠷᠠᠨ ᠵᠢᠷᠤᠭ ᠤᠨ ᠮᠥᠷᠦᠢᠴᠡᠭᠡᠨ ᠠᠮᠵᠢᠯᠲᠠ ᠲᠠᠢ ᠶᠠᠪᠤᠭᠳᠠᠯ᠎ᠠ
2012.10.18 ᠲᠣᠰ ᠥᠷᠲᠡᠭᠡᠨ ᠦ ᠨᠠᠢᠷᠠᠭᠤᠯᠤᠭᠴᠢ

     ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠡᠴᠡ ᠡᠷᠬᠢᠯᠡᠨ ᠂ ᠺᠣᠮᠫᠢᠦ᠋ᠲ᠋ᠧᠷ ᠤᠨ ᠲᠠᠰᠤᠭ ᠂ ᠤᠷᠠᠨ ᠵᠢᠷᠤᠭ ᠤᠨ ᠳᠤᠭᠤᠢᠯᠠᠩ ᠡᠴᠡ ᠳᠠᠭᠠᠭᠠᠴᠢᠯᠠᠨ ᠶᠠᠪᠤᠭᠳᠠᠭᠤᠯᠤᠭᠰᠠᠨ ᠠᠩᠬᠠᠳᠤᠭᠠᠷ ᠤᠳᠠᠭᠠᠨ ᠤ ᠺᠣᠮᠫᠢᠦ᠋ᠲ᠋ᠧᠷ ᠤᠨ ᠤᠷᠠᠨ ᠵᠢᠷᠤᠭ ᠤᠨ ᠮᠥᠷᠦᠢᠴᠡᠭᠡᠨ ᠠᠷᠪᠠᠨ ᠰᠠᠷ᠎ᠠ ᠶᠢᠨ ᠠᠷᠪᠠᠨ ᠲᠠᠪᠤᠨ ᠤ ᠦᠳᠡ ᠶᠢᠨ ᠡᠮᠦᠨ᠎ᠡ ᠺᠣᠮᠫᠢᠦ᠋ᠲ᠋ᠧᠷ ᠤᠨ ᠲᠠᠰᠤᠭ ᠲᠣ ᠠᠮᠵᠢᠯᠲᠠ ᠲᠠᠢ ᠶᠠᠪᠤᠭᠳᠠᠯ᠎ᠠ ᠃ ᠲᠤᠰ ᠤᠳᠠᠭᠠᠨ ᠤ ᠮᠥᠷᠦᠢᠴᠡᠭᠡᠨ ᠨᠢ ᠴᠡᠭᠠᠨᠬᠠᠳᠠ ᠰᠤᠮᠤᠨ ᠤ ᠮᠣᠩᠭᠤᠯ ᠦᠨᠳᠦᠰᠦᠲᠡᠨ ᠤ ᠪᠠᠢᠷᠢᠯᠠᠬᠤ ᠲᠦᠷᠷᠢᠮᠳᠤ ᠰᠤᠷᠭᠠᠭᠤᠯᠢ ᠶᠢᠨ 《 ᠬᠣᠩ ᠴᠢ ᠺᠣᠮᠫᠢᠦ᠋ᠲ᠋ᠧᠷ ᠤᠨ ᠲᠠᠰᠤᠭ 》 ᠪᠠᠢᠭᠤᠯᠤᠭᠳᠠᠭᠰᠠᠨ ᠨᠢᠭᠡ ᠵᠢᠯ ᠤᠨ ᠣᠢ  ᠶᠢ ᠳᠤᠷᠠᠰᠭᠠᠨ ᠲᠡᠮᠳᠡᠭᠯᠡᠬᠦ ᠶᠢᠨ ᠬᠠᠮᠲᠤ ᠰᠤᠷᠤᠭᠴᠢᠳ ᠤᠨ ᠺᠣᠮᠫᠢᠦ᠋ᠲ᠋ᠧᠷ ᠤᠨ ᠤᠷᠠᠨ ᠵᠢᠷᠤᠭ ᠤᠨ ᠮᠡᠷᠭᠡᠵᠢᠯ ᠢ ᠤᠯᠠᠮ ᠨᠢᠭᠡ ᠠᠯᠬᠤᠮ ᠳᠠᠢᠴᠢᠯᠠᠨ ᠂ ᠬᠢᠴᠢᠶᠡᠯ ᠲᠥᠷᠦᠯ ᠤᠨ ᠬᠤᠭᠤᠷᠤᠨᠳᠡᠬᠢ ᠬᠠᠮᠵᠢᠯᠴᠠᠭ᠎ᠠ ᠶᠢ ᠨᠢᠭᠲᠠᠷᠠᠭᠤᠯᠵᠤ ᠴᠢᠳᠠᠵᠠᠢ ᠃ ᠮᠥᠷᠦᠢᠴᠡᠭᠡᠨ ᠨᠢ ᠳᠥᠷᠪᠡ ᠂ ᠲᠠᠪᠤ ᠂ ᠵᠢᠷᠭᠤᠳᠤᠭᠠᠷ ᠣᠨ ᠤ ᠡᠯ᠎ᠡ ᠠᠩᠭᠢ ᠨᠢᠭᠡᠴᠢ ᠡᠴᠡ ᠰᠢᠯᠭᠠᠷᠠᠨ ᠢᠷᠡᠭᠰᠡᠨ ᠵᠠᠭᠤᠨ ᠪᠦᠲᠦᠭᠡᠯ ᠢ ᠡᠯ᠎ᠡ ᠠᠩᠭᠢ ᠶᠢᠨ ᠲᠧᠯᠸᠢᠰ ᠢᠶᠡᠷ ᠪᠦᠬᠦ ᠰᠤᠷᠤᠭᠴᠢᠳ ᠪᠠ ᠬᠢᠴᠢᠶᠡᠯᠡᠭᠴᠢ ᠪᠠᠭᠰᠢᠨᠠᠷ ᠲᠣ ᠳᠡᠯᠭᠡᠨ ᠦᠵᠡᠭᠦᠯᠬᠦ ᠶᠢᠨ ᠬᠠᠮᠲᠤ ᠵᠢᠷᠤᠭ ᠤᠨ ᠳᠤᠭᠤᠢᠯᠠᠩ ᠤᠨ ᠪᠠᠭᠰᠢ ᠪᠤᠯᠤᠨ ᠵᠠᠩᠭᠢ ᠶᠢᠨ ᠮᠡᠷᠭᠡᠵᠢᠯ ᠤᠨ ᠪᠠᠭᠰᠢ ᠡᠴᠡ ᠨᠣᠮᠧᠷ ᠬᠠᠳᠠᠨ ᠰᠢᠯᠭᠠᠷᠠᠭᠤᠯᠵᠤ ᠂ ᠰᠢᠯᠭᠠᠷᠠᠭᠤᠯᠤᠭᠰᠠᠨ ᠳ᠋ᠦᠩ ᠳᠦ ᠤᠷᠠᠯᠢᠭ ( 6.2 ) ᠂ ᠵᠠᠶᠠᠭᠠᠲᠤ ( 6.2 ) ᠂ ᠤᠶᠠᠬᠠᠨ ( 6.1 ) ᠂ ᠨᠠᠷᠭᠢᠯ ( 4.1 ) ᠂ ᠤᠶᠠᠩᠭ᠎ᠠ ( 5.1 ) ᠂ ᠥᠷᠯᠦᠭ ( 5.1 ) ᠂ ᠢ ᠷᠠᠨ ( 5.2 ) ᠂ ᠤᠲᠤᠨ ( 5.1 ) ᠂ ᠰᠣᠳᠤᠯᠠᠬᠤ ( 6.1 ) ᠂ ᠣᠶᠤᠲᠠᠨ ( 6.1 ) ᠤ ᠪᠦᠲᠦᠭᠡᠯ ᠰᠢᠯᠢᠳᠡᠭ ᠲᠡᠰ ᠂ ᠬᠠᠢᠷ᠎ᠠ ( 5. 1 ) ᠂ ᠪᠢᠨ ᠪᠢᠨ ( 5.1 ) ᠂ ᠲᠠᠩᠭᠢᠰ ( 5.1 ) ᠤᠨ ᠪᠦᠲᠦᠭᠡᠯ ᠭᠤᠷᠪᠠᠳᠤᠭᠠᠷ ᠲᠡᠰ ᠂ ᠨᠠᠨᠳᠢᠨ ( 6.2 ) ᠂ ᠰᠢᠨᠡᠳᠢᠪ ( 4.2 ) ᠤᠨ ᠪᠦᠲᠦᠭᠡᠯ ᠬᠣᠶᠠᠳᠤᠭᠠᠷ ᠲᠠᠰ ᠂ ᠰᠢᠦᠸᠢ ᠹᠧᠩ ( 6.1 ) ᠤᠨ ᠪᠦᠲᠦᠭᠡᠯ ᠨᠢᠭᠡᠳᠦᠭᠡᠷ ᠲᠡᠰ ᠲᠣ ᠲᠤᠰ ᠲᠤᠰ ᠲᠣᠳᠤᠷᠠᠭᠰᠠᠨ ᠪᠠᠢᠨ᠎ᠠ ᠃

ᠵᠣᠬᠢᠶᠠᠭᠴᠢ ᠄  ᠬᠠᠰᠪᠤᠯᠠᠭ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持