ᠰᠣᠨᠢᠨ ᠮᠡᠳᠡᠭᠡ
ᠯᠢᠨᠳᠦ᠋ᠩ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 2012 ︱ 2013 ᠰᠤᠷᠬᠤ ᠵᠢᠯ ᠤᠨ ᠳᠡᠭᠡᠳᠦ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠤᠯᠠᠯ ᠤᠨ ᠬᠤᠷᠠᠯ ᠢᠶᠡᠨ ᠦᠪᠡᠳᠡᠭᠰᠢ ᠶᠡᠬᠡᠪᠡᠷ ᠶᠠ
2016.09.19 ᠲᠣᠰ ᠥᠷᠲᠡᠭᠡᠨ ᠦ ᠨᠠᠢᠷᠠᠭᠤᠯᠤᠭᠴᠢ

     2012᠎ ᠣᠨ ᠤ 8᠎ ᠰᠠᠷ᠎ᠠ ᠶᠢᠨ 29᠎ ᠤ ᠡᠳᠦᠷ ᠤᠨ ᠦᠳᠡ ᠶᠢᠨ ᠬᠣᠢᠨ᠎ᠠ ᠯᠢᠨᠳᠦ᠋ᠩ ᠤᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ 2012᠎ ︱ 2013᠎ ᠰᠤᠷᠬᠤ ᠵᠢᠯ ᠤᠨ ᠳᠡᠭᠡᠳᠦ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠤᠯᠠᠯ ᠤᠨ ᠬᠤᠷᠠᠯ ᠢᠶᠡᠨ ᠰᠤᠷᠭᠠᠭᠤᠯᠢ ᠶᠢᠨ ᠲᠠᠮᠢᠷ ᠤᠨ ᠲᠠᠯᠠᠪᠤᠷ ᠲᠤ ᠦᠪᠡᠳᠡᠭᠰᠢ ᠶᠡᠬᠡᠪᠡᠷ ᠶᠠᠪᠤᠭᠳᠠᠭᠤᠯᠪᠠ ᠃ ᠶᠣᠰᠤᠯᠠᠯ ᠤᠨ ᠬᠤᠷᠠᠯ ᠳᠦ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠂ ᠵᠠᠬᠢᠷᠤᠯ ᠪᠠ ᠢ ᠪᠠᠭᠰᠢ ᠡᠴᠡ ᠴᠢᠬᠤᠯᠠ ᠶᠠᠷᠢᠶ᠎ᠠ ᠲᠠᠯᠪᠢᠵᠤ ᠂ ᠥᠩᠭᠡᠷᠡᠭᠰᠡᠨ ᠰᠤᠷᠤᠯᠭ᠎ᠠ ᠶᠢᠨ ᠵᠢᠯ ᠤᠨ ᠠᠮᠵᠢᠯᠲᠠ ᠪᠠ ᠬᠦᠷᠦᠯᠴᠡᠬᠦ  ᠦᠭᠡᠢ ᠲᠠᠯ᠎ᠠ ᠶᠢ ᠰᠢᠨᠵᠢᠯᠡᠬᠦ ᠤᠬᠠᠭᠠᠨᠴᠢ ᠪᠡᠷ ᠳ᠋ᠦᠩᠨᠡᠨ ᠬᠤᠷᠢᠶᠠᠩᠭᠤᠢᠯᠠᠵᠦ ᠂ 《 ᠳᠣᠲᠤᠭᠠᠳᠤ ᠳᠦ ᠪᠠᠨ ᠬᠡᠪ ᠴᠢᠨᠠᠷ  ᠢᠶᠡᠨ ᠳᠡᠭᠡᠭᠰᠢᠯᠡᠭᠦᠯᠬᠦ ᠪᠡᠷ ᠬᠥᠳᠡᠯᠭᠡᠬᠦ ᠬᠦᠴᠦᠨ ᠪᠣᠯᠭᠠᠵᠤ ᠂ ᠥᠨᠳᠦᠷ ᠦᠷ᠎ᠡ ᠠᠰᠢᠭᠲᠠᠢ ᠬᠢᠴᠢᠶᠡᠯ ᠤᠨ ᠲᠢᠩᠬᠢᠮ ᠢ ᠪᠠᠢᠭᠤᠯᠵᠤ ᠂ ᠪᠦᠬᠦ ᠲᠠᠯ᠎ᠠ ᠪᠡᠷ ᠬᠥᠮᠦᠨ ᠬᠥᠮᠦᠵᠢᠭᠦᠯᠵᠦ ᠂ ᠡᠶ᠎ᠡ ᠵᠤᠬᠢᠴᠠᠯᠳᠠᠢ ᠪᠡᠷ ᠬᠥᠭᠵᠢᠬᠦ 》᠎ ᠵᠢᠯᠤᠭᠤᠳᠬᠤ ᠦᠵᠡᠯ ᠰᠠᠨᠠᠭᠠᠨ ᠤ ᠲᠣᠭᠤᠷᠢᠨ ᠳᠦ ᠪᠠᠭᠰᠢ ᠨᠠᠷ ᠲᠤ ᠳᠣᠣᠷᠠᠬᠢ ᠲᠠᠪᠤᠨ ᠲᠠᠯ᠎ᠠ  ᠶᠢᠨ ᠱᠠᠭᠠᠷᠳᠠᠯᠭ᠎ᠠ  ᠶᠢ ᠲᠠᠯᠪᠢᠭᠰᠠᠨ ᠪᠠᠢᠨ᠎ᠠ ᠃ ᠨᠢᠭᠡ ᠂ ᠤᠯᠠᠮ ᠨᠢᠭᠡ ᠠᠯᠬᠤᠮ ᠰᠤᠷᠤᠯᠴᠠᠯᠭ᠎ᠠ ᠪᠠᠨ ᠴᠢᠩᠭᠠᠳᠭᠠᠨ ᠂ ᠥᠪᠡᠷ ᠤᠨ ᠲᠤᠬᠠᠢᠯᠠᠭᠰᠠᠨ ᠠᠵᠢᠯ ᠤᠨ ᠬᠡᠪ ᠴᠢᠨᠠᠷ ᠢᠶᠡᠨ ᠲᠡᠬᠡᠭᠰᠢᠯᠡᠬᠦᠯᠦᠨ᠎ᠡ ᠃ ᠬᠣᠶᠠᠷ ᠂ ᠤᠬᠠᠮᠰᠠᠷ ᠡᠴᠡ ᠪᠠᠨ ᠡᠷᠭᠢᠴᠡᠭᠦᠯᠦᠯ ᠬᠢᠵᠦ ᠂ ᠵᠢᠭᠠᠨ ᠰᠤᠷᠭᠠᠬᠤ ᠤᠷ᠎ᠠ ᠮᠡᠷᠬᠡᠰᠢᠯ ᠢᠶᠡᠨ ᠲᠡᠬᠡᠭᠰᠢᠯᠡᠬᠦᠯᠦᠨ᠎ᠡ ᠃ ᠭᠤᠷᠪᠠ ᠂ ᠵᠢᠭᠠᠨ ᠰᠤᠷᠭᠠᠯᠲᠠ ᠳᠦ ᠢᠳᠡᠪᠬᠢᠲᠡᠢ ᠣᠷᠤᠯᠴᠠᠵᠤ ᠂ ᠬᠢᠴᠢᠶᠡᠯ ᠤᠨ ᠲᠢᠩᠬᠢᠮ ᠤᠨ ᠦᠷ᠎ᠡ ᠠᠰᠢᠭ ᠢ ᠦᠨᠳᠦᠷᠵᠢᠬᠦᠯᠦᠨ᠎ᠡ ᠃ ᠳᠥᠷᠪᠡ ᠂ ᠴᠢᠩ ᠦᠨᠡᠨᠴᠢ ᠪᠡᠷ ᠬᠠᠮᠵᠢᠯᠴᠠᠵᠦ ᠂ ᠬᠠᠮᠲᠤᠪᠠᠷ ᠴᠢᠷᠮᠠᠢᠨ ᠂ ᠪᠠᠶᠠᠷ ᠪᠠᠶᠠᠰᠤᠯ ᠲᠠᠢ ᠠᠵᠢᠯᠯᠠᠬᠤ ᠠᠭᠤᠷ ᠠᠮᠢᠰᠭᠤᠯ ᠢ ᠴᠣᠭᠴᠠᠯᠠᠨ᠎ᠠ ᠃ ᠲᠠᠪᠤ ᠂ ᠬᠥᠳᠡᠯᠦᠩᠭᠦᠢ ᠪᠡᠷ ᠬᠠᠮᠢᠶᠠᠷᠤᠯᠲᠠ ᠳᠦ ᠣᠷᠤᠯᠴᠠᠵᠤ ᠂ ᠡᠵᠡᠨ ᠬᠥᠮᠦᠨ ᠤ ᠣᠪᠤᠷ ᠢᠶᠡᠷ ᠠᠵᠢᠯᠯᠠᠵᠤ ᠂ ᠵᠣᠯ ᠵᠢᠷᠭᠠᠯ ᠤᠨ ᠪᠠᠷᠢᠮᠵᠢᠶ᠎ᠠ ᠪᠠᠨ ᠲᠡᠬᠡᠭᠰᠢᠯᠡᠬᠦᠯᠦᠨ᠎ᠡ ᠃

ᠵᠣᠬᠢᠶᠠᠭᠴᠢ ᠄  ᠴᠢᠶᠦᠩ ᠶᠠᠨ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持