ᠰᠣᠨᠢᠨ ᠮᠡᠳᠡᠭᠡ
ᠪᠤᠤ᠂ ᠨᠠᠬᠢᠶ᠎ᠠ᠂ ᠠᠯᠳᠠᠷᠠᠢ᠂ ᠲᠤᠮᠳᠠᠳᠤ  ᠶᠢᠨ ᠰᠣᠩᠭᠤᠳᠠᠭ ᠪᠦᠲᠦᠭᠡᠯ  ᠤᠨ ᠤᠷᠠᠨ ᠤᠩᠰᠢᠯᠭ᠎ᠠ ᠶᠢᠨ ᠤᠷᠤᠯᠳᠤᠭᠠᠨ ᠳ᠋ᠤ ᠣᠷᠤᠯᠴᠠᠵᠤ ᠰᠢᠯᠢᠳᠡᠭ ᠠᠮᠵᠢᠯᠳᠠ ᠣᠯᠤᠯ᠎ᠠ
2017.08.31 ᠲᠣᠰ ᠥᠷᠲᠡᠭᠡᠨ ᠦ ᠨᠠᠢᠷᠠᠭᠤᠯᠤᠭᠴᠢ

ᠪᠤᠤ᠂ ᠨᠠᠬᠢᠶ᠎ᠠ᠂ ᠠᠯᠳᠠᠷᠠᠢ ᠂ 《 ᠲᠦᠷᠪᠡᠳᠦᠭᠡᠷ ᠬᠤᠭᠤᠴᠠᠭᠠᠨ ᠤ ᠪᠦᠬᠦ ᠣᠷᠤᠨ ᠤ ᠦᠨᠳᠦᠰᠦᠲᠡᠨ ᠤ ᠰᠤᠷᠭᠠᠭᠤᠯᠢ ᠶᠢᠨ ᠮᠣᠩᠭᠤᠯ ᠬᠢᠳᠠᠳ ᠬᠤᠶᠠᠷ ᠬᠡᠯᠡᠨ ᠤ ᠲᠤᠮᠳᠠᠳᠤ  ᠶᠢᠨ ᠰᠣᠩᠭᠤᠳᠠᠭ ᠪᠦᠲᠦᠭᠡᠯ  ᠤᠨ ᠤᠷᠠᠨ ᠤᠩᠰᠢᠯᠭ᠎ᠠ ᠶᠢᠨ ᠤᠷᠤᠯᠳᠤᠭᠠᠨ 》ᠳ᠋ᠤ ᠣᠷᠤᠯᠴᠠᠵᠤ ᠰᠢᠯᠢᠳᠡᠭ ᠠᠮᠵᠢᠯᠳᠠ ᠣᠯᠤᠯ᠎ᠠ

      

       ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠤᠨ  ᠤ ᠰᠤᠷᠭᠠᠨ ᠬᠥᠮᠦᠵᠢᠯ ᠤᠨ ᠲᠢᠩᠬᠢᠮ ᠪᠠ ᠣᠷᠤᠨ ᠤ ᠬᠢᠳᠠᠳ ᠦᠭᠡ ᠬᠡᠯᠡ ᠦᠰᠦᠭ ᠪᠢᠴᠢᠭ᠌ ᠤᠨ ᠠᠵᠢᠯ ᠤᠨ ᠵᠥᠪᠯᠡᠯ ᠡᠴᠡ ᠵᠣᠬᠢᠶᠠᠨ ᠪᠠᠢᠭᠤᠯᠤᠭᠰᠠᠨ《 ᠲᠦᠷᠪᠡᠳᠦᠭᠡᠷ ᠬᠤᠭᠤᠴᠠᠭᠠᠨ ᠤ ᠪᠦᠬᠦ ᠣᠷᠤᠨ ᠤ ᠦᠨᠳᠦᠰᠦᠲᠡᠨ ᠤ ᠰᠤᠷᠭᠠᠭᠤᠯᠢ ᠶᠢᠨ ᠮᠣᠩᠭᠤᠯ ᠬᠢᠳᠠᠳ ᠬᠤᠶᠠᠷ ᠬᠡᠯᠡᠨ ᠤ ᠲᠤᠮᠳᠠᠳᠤ  ᠶᠢᠨ ᠰᠣᠩᠭᠤᠳᠠᠭ  ᠪᠦᠲᠦᠭᠡᠯ ᠤᠨ ᠤᠷᠠᠨ ᠤᠩᠰᠢᠯᠭ᠎ᠠ ᠶᠢᠨ ᠰᠢᠢᠳᠪᠦᠷᠢᠲᠦ ᠤᠷᠤᠯᠳᠤᠭᠠᠨ 》2017 ᠣᠨ ᠤ8 ᠰᠠᠷ᠎ᠠ ᠶᠢᠨ25 ᠡᠴᠡ27 ᠪᠣᠯᠲᠠᠯ᠎ᠠ ᠬᠥᠬᠡᠬᠣᠲᠠ ᠳᠤ ᠠᠮᠵᠢᠯᠳᠠᠳᠠᠢ ᠶᠠᠪᠤᠭᠳᠠᠪᠠ᠃ ᠮᠠᠨ ᠤ ᠬᠣᠰᠢᠭᠤᠨ ᠤ ᠯᠢᠨᠳᠦ᠋ᠩ ᠤᠨ ᠮᠣᠩᠭᠤᠯ ᠪᠠᠭ᠎ᠠ ᠰᠤᠷᠭᠠᠭᠤᠯᠢ ᠶᠢᠨ ᠵᠢᠷᠭᠤᠭᠠᠨ ᠤ ᠨᠢᠭᠡ ᠠᠩᠭᠢ ᠶᠢᠨ ᠰᠤᠷᠤᠭᠴᠢ ᠪᠤᠤ᠂ ᠨᠠᠬᠢᠶ᠎ᠠ ᠪᠠ ᠯᠢᠨᠳᠦ᠋ᠩ ᠤᠨ ᠮᠣᠩᠭᠤᠯ ᠲᠤᠮᠳᠠᠳᠤ ᠰᠤᠷᠭᠠᠭᠤᠯᠢ ᠶᠢᠨ ᠠᠩᠬ᠎ᠠ ᠭᠤᠷᠪᠠ ᠶᠢᠨ ᠨᠢᠭᠡ ᠶᠢᠨ ᠰᠤᠷᠤᠭᠴᠢ ᠠᠯᠳᠠᠷᠠᠢ ᠤᠯᠠᠭᠠᠨᠬᠠᠳᠠ ᠬᠤᠳᠠ ᠶᠢ ᠲᠦᠯᠦᠭᠡᠯᠡᠵᠤ  ᠰᠢᠢᠳᠪᠦᠷᠢᠳᠤ ᠤᠷᠤᠯᠳᠤᠭᠠᠨ ᠳ᠋ᠤ ᠣᠷᠤᠯᠴᠠᠨ᠂ ᠲᠤᠰ ᠲᠤᠰ ᠪᠠᠭ᠎ᠠ ᠰᠤᠷᠭᠠᠭᠤᠯᠢ ᠶᠢᠨ ᠳᠤᠭᠤᠢᠯᠠᠩ ᠤᠨ ᠣᠨᠴᠠᠭᠠᠢ ᠲᠡᠰ ᠤᠨ ᠱᠠᠩᠨᠠᠯ ᠪᠠ ᠠᠩᠬ᠎ᠠ ᠲᠤᠮᠳᠠᠳᠤ ᠶᠢᠨ ᠳᠤᠭᠤᠢᠯᠠᠩ ᠤᠨ ᠬᠣᠶᠠᠳᠤᠭᠠᠷ ᠲᠡᠰ ᠤᠨ ᠱᠠᠩᠨᠠᠯ ᠢ ᠬᠦᠷᠳᠡᠯ᠎ᠡ᠃

 

          

            ( ᠱᠠᠩᠨᠠᠯ ᠣᠯᠭᠤᠬᠤ ᠶᠣᠰᠣᠯᠠᠯ ᠤᠨ ᠠᠬᠤᠢ ᠲᠠᠯᠠᠪᠠᠢ)

      

         ᠬᠤᠶᠠᠷ ᠰᠤᠷᠤᠭᠴᠢ ᠪᠠᠭᠰᠢ ᠨᠠᠷ ᠤᠨ ᠢᠶᠡᠨ ᠨᠢᠮᠪᠠᠢ ᠵᠢᠯᠤᠭᠤᠳᠤᠯᠭ᠎ᠠ ᠲᠣᠣᠷ᠎ᠠ᠂ ᠬᠠᠳᠠᠭᠤᠵᠢᠯᠳᠠᠢ ᠴᠢᠷᠮᠠᠢᠵᠤ ᠤᠩᠰᠢᠯᠭ᠎ᠠ ᠶᠢᠨ ᠬᠢᠷᠢ ᠲᠦᠪᠰᠢᠨ ᠢᠶᠡᠨ  ᠲᠡᠭᠡᠭᠰᠢᠯᠡᠭᠦᠯᠦᠨ᠂ ᠰᠢᠯᠢᠳᠡᠭ ᠬᠢᠷᠢ ᠪᠦᠲᠦᠮᠵᠢ ᠢ ᠲᠡᠮᠡᠴᠡᠨ ᠣᠯᠵᠤ᠂ ᠰᠢᠷᠭᠠᠭᠤ ᠴᠢᠷᠮᠠᠢᠬᠤ᠂ ᠤᠷᠤᠭᠰᠢ ᠲᠠᠪᠰᠢᠬᠤ᠂ ᠰᠢᠯᠢᠳᠡᠭ ᠢ ᠡᠷᠢᠯᠬᠢᠯᠡᠬᠦ  ᠵᠣᠷᠢᠭ ᠰᠠᠨᠠᠭ᠎ᠠ  ᠶᠢ ᠬᠦᠢᠴᠡᠣᠡ ᠢᠯᠡᠷᠡᠭᠦᠯᠵᠤ᠂ ᠰᠤᠷᠭᠠᠭᠤᠯᠢ᠂ ᠲᠡᠷᠡᠴᠢᠯᠡᠨ᠂ ᠬᠣᠰᠢᠭᠤ ᠨᠤᠳᠤᠭ᠂ ᠬᠤᠳᠠ ᠳᠤ ᠥᠩᠭᠡ ᠬᠡᠷᠡᠯ ᠠᠪᠴᠢᠷᠠᠭᠰᠠᠨ ᠪᠠᠢᠨ᠎ᠠ᠃

 

 

                                     ᠪᠠᠭᠠᠷᠢᠨ ᠵᠡᠭᠦᠨ ᠬᠣᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ 

                                                        2017 ᠂ 8 ᠂ 29

      

                                         

                                                    

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持