ᠵᠠᠩ ᠦᠢᠯᠡ
ᠪᠠᠭᠠᠷᠢᠨ ᠵᠡᠭᠦᠨ ᠬᠣᠰᠢᠭᠤᠨ ᠤ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ
2012.08.13 ᠲᠣᠰ ᠥᠷᠲᠡᠭᠡᠨ ᠦ ᠨᠠᠢᠷᠠᠭᠤᠯᠤᠭᠴᠢ

    ᠲᠣᠪᠴᠢ ᠲᠠᠨᠢᠯᠴᠠᠭᠤᠯᠭ᠎ᠠ ᠄

    ᠪᠠᠭᠠᠷᠢᠨ ᠵᠡᠭᠦᠨ ᠬᠣᠰᠢᠭᠤᠨ ᠤ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠨᠢ 2009 ᠤᠨ ᠤ 8 ᠰᠠᠷ᠎ᠠ ᠶᠢᠨ 18 ᠣ᠋ ᠡᠳᠦᠷ ᠪᠠᠢᠭᠤᠯᠤᠭᠳᠠᠭᠰᠠᠨ ᠤᠯᠠᠨ ᠲᠦᠮᠡᠨᠴᠢ ᠵᠣᠬᠢᠶᠠᠨ ᠪᠠᠢᠭᠤᠯᠤᠯᠲᠠ ᠶᠤᠮ ᠃ ᠲᠤᠰ ᠨᠡᠢᠭᠡᠮᠯᠢᠭ ᠨᠢ ᠬᠣᠰᠢᠭᠤ ᠨᠠᠮ ᠤᠨ ᠬᠣᠷᠢᠶ᠎ᠠ ᠂ ᠵᠠᠰᠠᠭ ᠤᠨ ᠣᠷᠳᠤᠨ ᠤ ᠤᠳᠤᠷᠢᠳᠤᠯᠭ᠎ᠠ ᠳᠣᠣᠷ᠎ᠠ ᠪᠦᠬᠦ ᠭᠡᠰᠢᠭᠦᠳ ᠢᠶᠠᠨ ᠤᠷᠢᠶᠠᠯᠠᠨ ᠳᠠᠢᠴᠢᠯᠠᠵᠤ ᠪᠠᠢᠭᠠᠳ ᠮᠣᠩᠭᠤᠯ ᠤᠯᠠᠮᠵᠢᠯᠠᠯᠲᠤ ᠰᠣᠶᠤᠯ ᠢᠶᠠᠨ ᠰᠡᠷᠭᠦᠭᠡᠬᠦ ᠂ ᠬᠠᠮᠠᠭᠠᠯᠠᠬᠤ ᠪᠠ ᠬᠥᠭᠵᠢᠭᠦᠯᠦᠨ ᠮᠠᠨᠳᠤᠭᠤᠯᠬᠤ ᠪᠠᠷ ᠵᠣᠷᠢᠯᠭ᠎ᠠ ᠪᠣᠯᠭᠠᠭᠰᠠᠨ ᠤᠯᠠᠨ ᠲᠦᠮᠡᠨᠴᠢ ᠴᠢᠨᠠᠷ ᠲᠠᠢ ᠥᠪ ᠰᠣᠶᠤᠯ ᠤᠨ ᠠᠵᠢᠯᠯᠠᠭᠠᠨ ᠢ ᠥᠷᠭᠡᠨ ᠳᠡᠯᠭᠡᠷ ᠥᠷᠨᠢᠭᠦᠯᠬᠦ ᠪᠠᠷ ᠠᠵᠢᠯ ᠤᠨ ᠭᠤᠤᠳᠠᠯᠭ᠎ᠠ ᠪᠣᠯᠭᠠᠵᠤ ᠂ ᠦᠨᠳᠦᠰᠦᠲᠡᠨ ᠤ ᠤᠳᠭ᠎ᠠ ᠤᠷᠠᠯᠢᠭ ᠂ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠪᠠ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠨ ᠂ ᠬᠣᠰᠢᠭᠤ ᠨᠤᠲᠤᠭ ᠢᠶᠠᠨ ᠦᠨᠳᠦᠰᠦᠲᠡᠨ ᠤ ᠰᠣᠶᠤᠯ ᠤᠨ ᠲᠣᠮᠤ ᠣᠷᠤᠨ ᠪᠣᠯᠭᠠᠨ ᠪᠦᠲᠦᠭᠡᠨ ᠪᠠᠢᠭᠤᠯᠬᠤ ᠪᠠᠷ ᠠᠵᠢᠯ ᠤᠨ ᠬᠠᠷᠠᠯᠲᠠ ᠪᠣᠯᠭᠠᠨ᠎ᠠ ᠃

   


    ᠲᠤᠰ ᠨᠡᠢᠭᠡᠮᠯᠢᠭ ᠨᠢ 《 ᠭᠤᠷᠪᠠ ᠶᠢ ᠲᠥᠯᠦᠭᠡᠯᠡᠬᠦ 》 ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠠᠵᠢᠯ ᠢᠶᠠᠨ ᠵᠢᠯᠤᠭᠤᠳᠤᠭᠤᠯᠤᠨ ᠂ ᠨᠠᠮ ᠤᠨ ᠦᠨᠳᠦᠰᠦᠨ ᠱᠤᠭᠤᠮ ᠢ ᠪᠠᠷᠢᠮᠲᠠᠯᠠᠵᠤ ᠂ 《 ᠦᠨᠳᠦᠰᠦᠨ ᠬᠠᠤᠯᠢ 》 ᠂ 《 ᠴᠥᠭᠡᠨ ᠲᠣᠭᠠᠲᠤ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠬᠠᠤᠯᠢ 》 ᠪᠠ ᠪᠤᠰᠤᠳ ᠬᠠᠤᠯᠢ ᠴᠠᠭᠠᠵᠠ ᠶᠢ ᠰᠠᠢᠲᠤᠷ ᠵᠢᠷᠤᠮᠯᠠᠨ ᠂ ᠨᠠᠮ ᠤᠨ ᠲᠥᠷᠦ ᠶᠢᠨ ᠪᠣᠳᠤᠯᠭ᠎ᠠ ᠪᠠ ᠦᠨᠳᠦᠰᠦᠲᠡᠨ ᠤ ᠲᠥᠷᠦ ᠶᠢᠨ ᠪᠣᠳᠤᠯᠭ᠎ᠠ  ᠶᠢ ᠢᠳᠡᠪᠬᠢᠲᠡᠢ ᠤᠬᠠᠭᠤᠯᠵᠤ ᠂ ᠦᠨᠳᠦᠰᠦᠲᠡᠨ ᠤ ᠵᠠᠩ ᠵᠠᠩᠰᠢᠯ ᠂ ᠱᠠᠰᠢᠨ ᠰᠤᠷᠲᠠᠬᠤᠨ ᠪᠠ ᠲᠡᠦᠬᠡ ᠰᠣᠶᠤᠯ ᠢᠶᠠᠨ ᠭᠦᠨᠵᠡᠭᠡᠢ ᠰᠤᠳᠤᠯᠤᠨ ᠥᠪᠯᠡᠬᠦ ᠶᠢᠨ ᠬᠠᠮᠲᠤ ᠮᠣᠩᠭᠤᠯ ᠰᠣᠶᠤᠯ ᠢᠶᠠᠨ ᠤᠯᠠᠨ ᠲᠦᠮᠡᠨᠴᠢᠯᠡᠭᠰᠡᠨ ᠂ ᠥᠷᠭᠡᠨ ᠲᠡᠯᠭᠡᠷᠵᠢᠭᠰᠡᠨ ᠂ ᠰᠢᠨᠵᠢᠯᠡᠬᠦ ᠤᠬᠠᠭᠠᠨᠵᠢᠭᠰᠠᠨ ᠪᠠ ᠳᠡᠯᠡᠬᠡᠢ ᠳᠤ ᠲᠠᠶᠠᠭᠠᠷᠵᠢᠭᠰᠠᠨ ᠬᠥᠭᠵᠢᠯ ᠮᠠᠨᠳᠤᠯ ᠲᠠᠢ ᠪᠣᠯᠭᠠᠬᠤ ᠳᠤ ᠬᠦᠴᠦᠨ ᠢᠶᠠᠨ ᠡᠷᠭᠦᠬᠦ ᠪᠠᠷ ᠠᠵᠢᠯ ᠤᠨ ᠴᠢᠬᠤᠯᠠ ᠡᠭᠦᠷᠭᠡ ᠪᠠᠨ ᠪᠣᠯᠭᠠᠨ᠎ᠠ ᠃

   


    ᠪᠠᠭᠠᠷᠢᠨ ᠵᠡᠭᠦᠨ ᠬᠣᠰᠢᠭᠤᠨ ᠤ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠨᠢ 8 ᠭᠡᠰᠢᠭᠦᠨ ᠨᠢᠭᠡᠴᠡ ᠲᠠᠢ 193 ᠭᠡᠰᠢᠭᠦᠳ ᠲᠠᠢ ᠰᠠᠶᠢᠬᠠᠨ ᠬᠥᠭᠵᠢᠯ ᠤᠨ ᠱᠠᠳᠤᠨ ᠳᠠᠭᠠᠨ ᠠᠯᠬᠤᠨ ᠣᠷᠤᠵᠤ ᠪᠠᠢᠭ᠎ᠠ ᠰᠢᠨᠡᠬᠡᠨ ᠰᠣᠶᠤᠯ ᠤᠨ ᠡᠩᠨᠡᠭᠡ ᠪᠣᠯᠬᠤ ᠶᠤᠮ ᠃ ᠳᠣᠲᠤᠷ᠎ᠠ ᠪᠠᠨ ᠲᠠᠪᠤᠨ ᠬᠤᠪᠢᠶᠠᠷᠢ ᠨᠡᠢᠭᠡᠮᠯᠢᠭ ᠲᠠᠢ ( ᠮᠣᠩᠭᠤᠯ ᠪᠥᠬᠡ ᠶᠢᠨ ᠬᠤᠪᠢᠶᠠᠷᠢ ᠨᠡᠢᠭᠡᠮᠯᠢᠭ ᠂ ᠠᠳᠤᠭᠤᠨ ᠰᠣᠶᠤᠯ ᠤᠨ ᠬᠤᠪᠢᠶᠠᠷᠢ ᠨᠡᠢᠭᠡᠮᠯᠢᠭ ᠂ ᠮᠣᠩᠭᠤᠯ ᠰᠤᠷᠴᠢᠨ ᠤ ᠬᠤᠪᠢᠶᠠᠷᠢ ᠨᠡᠢᠭᠡᠮᠯᠢᠭ ᠂ ᠮᠣᠩᠭᠤᠯ ᠰᠢᠲᠠᠷᠠᠴᠢᠨ ᠤ ᠬᠤᠪᠢᠶᠠᠷᠢ ᠨᠡᠢᠭᠡᠮᠯᠢᠭ ᠪᠠ ᠰᠣᠶᠤᠯ ᠤᠷᠠᠯᠢᠭ ᠤᠨ ᠬᠤᠪᠢᠶᠠᠷᠢ ᠨᠡᠢᠭᠡᠮᠯᠢᠭ ) ᠡᠨᠡᠬᠦ ᠭᠠᠯ ᠠᠶᠠᠨ ᠤ ᠬᠢᠨ 《 ᠮᠣᠩᠭᠤᠯ ᠰᠣᠶᠤᠯ ᠤᠨ ᠢᠶᠠᠨ ᠰᠢᠲᠦᠭᠡᠨ ᠲᠠᠬᠢᠯᠭ᠎ᠠ ᠳᠤ ᠵᠤᠯᠠ ᠪᠤᠯᠤᠨ ᠠᠰᠠᠶᠤ ᠂ ᠮᠥᠩᠬᠡ ᠭᠣᠯᠤᠮᠲᠠ  ᠶᠢᠨ ᠢᠶᠠᠨ ᠲᠦᠷᠡᠯᠵᠢᠭᠦᠨ ᠲᠤᠯᠭ᠎ᠠ ᠳᠤ ᠴᠥᠪᠦᠳᠡᠯ ᠪᠤᠯᠤᠨ ᠨᠤᠴᠤᠶᠤ 》 ᠬᠡᠮᠡᠨ ᠬᠡᠢᠮᠣᠷᠢ ᠮᠠᠨᠳᠤᠭᠤᠯᠤᠨ ᠰᠢᠭᠤᠷᠬᠠᠢᠯᠠᠵᠤ ᠶᠠᠪᠤᠨᠠᠮ ︕

 

    ᠭᠣᠣᠯ ᠪᠦᠷᠢᠯᠳᠦᠬᠦᠨ ᠭᠡᠰᠢᠭᠦᠳ ᠄

    ᠰᠢᠨᠡᠪᠠᠶᠠᠷ ᠄ ᠬᠣᠰᠢᠭᠤᠨ ᠤ ᠠᠷᠠᠳ ᠤᠨ ᠲᠦᠯᠦᠭᠡᠯᠡᠭᠴᠢᠳ ᠶᠡᠬᠡ ᠬᠤᠷᠠᠯ ᠤᠨ ᠪᠠᠢᠩᠭᠤ ᠶᠢᠨ ᠬᠤᠷᠢᠶᠠᠨ  ᠤ ᠳᠡᠳ᠋ ᠡᠷᠬᠢᠯᠡᠭᠴᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠲᠡᠷᠢᠭᠦᠯᠡᠭᠴᠢ

   


ᠪᠠᠶᠠᠷ ᠄ ᠬᠣᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠶᠢᠨ ᠲᠣᠪᠴᠢᠶᠠᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ ᠂ ᠨᠠᠷᠢᠨ ᠪᠢᠴᠢᠭ᠌ ᠤᠨ ᠳᠠᠷᠤᠭ᠎ᠠ ᠂ ᠮᠣᠩᠭᠤᠯ ᠪᠥᠬᠡ ᠬᠤᠪᠢᠶᠠᠷᠢ ᠨᠡᠢᠭᠡᠮᠯᠢᠭ ᠤᠨ ᠳᠠᠷᠤᠭ᠎ᠠ

   


ᠴᠢᠯᠠᠭᠤᠨᠪᠠᠭᠠᠨ᠎ᠠ ᠄ ᠬᠣᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ ᠂ ᠰᠣᠶᠤᠯ ᠤᠷᠠᠯᠢᠭ ᠬᠤᠪᠢᠶᠠᠷᠢ ᠨᠡᠢᠭᠡᠮᠯᠢᠭ ᠤᠨ ᠳᠠᠷᠤᠭ᠎ᠠ

   


ᠬᠠᠰᠪᠠᠭᠠᠨ᠎ᠠ ᠄ ᠬᠣᠰᠢᠭᠤᠨ ᠤ ᠮᠠᠯ ᠲᠠᠷᠢᠶᠠᠯᠠᠩ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ ᠂ ᠮᠣᠷᠢᠨ ᠰᠣᠶᠤᠯ ᠤᠨ ᠨᠡᠢᠭᠡᠮᠯᠢᠭ ᠤᠨ ᠳᠠᠷᠤᠭ᠎ᠠ

   


ᠬᠡᠰᠢᠭᠳᠠᠯᠠᠢ ᠄ ᠬᠣᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ ᠂ ᠮᠣᠩᠭᠤᠯ ᠰᠢᠲᠠᠷᠠᠴᠢᠨ ᠬᠤᠪᠢᠶᠠᠷᠢ ᠨᠡᠢᠭᠡᠮᠯᠢᠭ ᠤᠨ ᠳᠠᠷᠤᠭ᠎ᠠ

   


ᠪᠠᠢ ᠢ ᠄ ᠬᠣᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠂ ᠯᠢᠨᠳᠦ᠋ᠩ ᠤᠨ ᠮᠣᠩᠭᠤᠯ ᠳᠤᠮᠳᠠᠳᠤ ᠰᠤᠷᠭᠠᠭᠤᠯᠢ ᠶᠢᠨ ᠵᠠᠬᠢᠷᠤᠯ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ ᠂ ᠮᠣᠩᠭᠤᠯ ᠰᠤᠷᠴᠢᠨ ᠬᠤᠪᠢᠶᠠᠷᠢ ᠨᠡᠢᠭᠡᠮᠯᠢᠭ ᠤᠨ ᠳᠠᠷᠤᠭ᠎ᠠ

   


ᠭᠤᠤ ᠸᠧᠨ ᠴᠧᠩ ᠄ ᠬᠣᠰᠢᠭᠤᠨ ᠤ ᠰᠣᠶᠤᠯ ᠲᠠᠮᠢᠷ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

  

  ᠰᠤᠳᠦᠪᠢᠯᠢᠭ᠌ ᠄ ᠪᠠᠶᠠᠨᠨᠢᠷᠤᠭᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

   


ᠦ᠋ ᠴᠦᠨ ᠯᠢᠨ ᠄ ᠪᠠᠶᠠᠨᠨᠢᠷᠤᠭᠤ ᠪᠠᠯᠭᠠᠰᠤᠨ ᠤ ᠵᠠᠰᠠᠭ ᠤᠨ ᠣᠷᠳᠤᠨ ᠤ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

   


ᠬᠡᠰᠢᠭᠪᠠᠳᠤ ᠄ ᠴᠠᠭᠠᠨᠬᠠᠳᠠ ᠰᠤᠮᠤᠨ ᠤ ᠨᠠᠮ ᠤᠨ ᠬᠤᠷᠢᠶᠠᠨ ᠤ ᠱᠦᠵᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

   


ᠭᠤᠸ᠎ᠠ ᠄ ᠴᠠᠭᠠᠨᠬᠠᠳᠠ ᠰᠤᠮᠤᠨ ᠤ ᠰᠤᠮᠤᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴ
ᠦ᠋ ᠰᠦᠨ ᠄ ᠤᠯᠠᠭᠠᠨᠳᠠᠪᠠᠭ᠎ᠠ ᠰᠤᠮᠤᠨ ᠤ ᠨᠠᠮ ᠤᠨ ᠬᠤᠷᠢᠶᠠᠨ ᠤ ᠱᠦᠵᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

   


ᠪᠦᠷᠢᠨᠳᠤᠭᠳᠤᠬᠤ ᠄ ᠤᠯᠠᠭᠠᠨᠳᠠᠪᠠᠭ᠎ᠠ ᠰᠤᠮᠤᠨ ᠤ ᠰᠤᠮᠤᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ  ᠤᠨ ᠨᠡᠢᠭᠡᠮᠯᠢᠭ ᠤᠨ ᠳᠡᠳ᠋ ᠲᠡᠷᠢᠭᠦᠯᠡᠭᠴᠢ
ᠠᠯᠳᠠᠨᠸᠴᠢᠷ ᠄ ᠬᠣᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠲᠤᠪᠴᠢᠶ᠎ᠡ ᠶᠢᠨ ᠳᠡᠳ᠋ ᠲᠣᠪᠴᠢᠶᠠᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ ᠂ ᠨᠡᠢᠭᠡᠮᠯᠢᠭ ᠤᠨ ᠠᠯᠪᠠᠨ ᠭᠡᠷ ᠤᠨ ᠡᠷᠬᠢᠯᠡᠭᠴᠢ

   


ᠴᠤᠭᠯᠠ ᠄ ᠬᠣᠰᠢᠭᠤᠨ ᠤ ᠮᠠᠯ ᠲᠠᠷᠢᠶᠠᠯᠠᠩ ᠤᠨ ᠲᠤᠪᠴᠢᠶ᠎ᠡ ᠶᠢᠨ ᠳᠡᠳ᠋ ᠲᠣᠪᠴᠢᠶᠠᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

   


ᠮᠦᠩᠭᠦᠨᠪᠠᠭᠠᠨ᠎ᠠ ᠄ ᠬᠣᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠡ ᠶᠢᠨ ᠳᠡᠳ᠋ ᠲᠣᠪᠴᠢᠶᠠᠨ ᠳᠠᠷᠤᠭ᠎ᠠ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

   


ᠵᠣᠷᠢᠭᠲᠤ ᠄ ᠬᠣᠰᠢᠭᠤᠨ ᠤ ᠤᠯᠤᠰ ᠲᠥᠷᠦ ᠬᠠᠤᠯᠢ ᠴᠠᠭᠠᠵᠠ ᠶᠢᠨ ᠵᠥᠪᠯᠡᠯ ᠤᠨ ᠨᠡᠢᠭᠡᠮ ᠤᠨ ᠲᠣᠭᠲᠠᠭᠤᠨ ᠢ ᠬᠠᠮᠠᠭᠠᠯᠠᠬᠤ ᠠᠯᠪᠠᠨ ᠭᠡᠷ ᠤᠨ ᠡᠷᠬᠢᠯᠡᠭᠴᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠳᠡᠳ᠋ ᠲᠡᠷᠢᠭᠦᠯᠡᠭᠴᠢ

   


ᠮᠥᠩᠬᠡ ᠄ ᠬᠣᠰᠢᠭᠤᠨ ᠤ ᠦᠨᠳᠦᠰᠦᠲᠡᠨ ᠱᠠᠰᠢᠨ ᠰᠤᠷᠳᠠᠭᠤᠨ ᠤ ᠲᠤᠪᠴᠢᠶ᠎ᠡ ᠶᠢᠨ ᠮᠣᠩᠭᠤᠯ ᠬᠡᠯᠡᠨ ᠤ ᠠᠯᠪᠠᠨ ᠭᠡᠷ ᠤᠨ ᠡᠷᠬᠢᠯᠡᠭᠴᠢ ᠂ ᠮᠣᠩᠭᠤᠯ ᠤᠯᠠᠮᠵᠢᠯᠠᠯᠲᠤ ᠰᠣᠶᠤᠯ ᠤᠨ ᠨᠡᠢᠭᠡᠮᠯᠢᠭ ᠤᠨ ᠨᠠᠷᠢᠨ ᠪᠢᠴᠢᠭ᠌  ᠤᠨ ᠳᠡᠳ᠋ ᠳᠠᠷᠤᠭ᠎ᠠ

   

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持