ᠲᠤᠰᠭᠠᠢ ᠮᠡᠳᠡᠭᠡ
ᠠᠮᠵᠢᠯᠲᠠ ᠳᠦᠭᠦᠷᠡᠩ ᠠᠷᠪᠠᠨ ᠬᠣᠶᠠᠷ ᠣᠨ
2014.10.18 ᠲᠣᠰ ᠥᠷᠲᠡᠭᠡᠨ ᠦ ᠨᠠᠢᠷᠠᠭᠤᠯᠤᠭᠴᠢ

ᠠᠮᠵᠢᠯᠲᠠ ᠳᠦᠭᠦᠷᠡᠩ ᠠᠷᠪᠠᠨ ᠬᠣᠶᠠᠷ ᠣᠨ ᠤᠯᠠᠭᠠᠨᠳᠠᠪᠠᠭ᠎ᠠ ᠰᠤᠮᠤᠨ ᠤ ᠪᠠᠢᠷᠢᠯᠠᠬᠤ ᠳᠦᠷᠢᠮᠲᠦ ᠰᠤᠷᠭᠠᠭᠤᠯᠢ ᠨᠢ ᠵᠠᠬᠢᠷᠤᠯ ᠬᠡᠷᠡᠯᠳᠦ ᠨᠥᠬᠦᠷ ᠤᠨ ᠵᠢᠭᠠᠨ ᠵᠢᠯᠤᠭᠤᠳᠤᠯᠭ᠎ᠠ ᠂ ᠪᠦᠬᠦ ᠪᠠᠭᠰᠢ ᠰᠤᠷᠤᠭᠴᠢ ᠶᠢᠨ ᠴᠢᠷᠮᠠᠢᠯᠭ᠎ᠠ ᠪᠡᠷ 2012 ᠣᠨ ᠤ ᠡᠯ᠎ᠡ ᠲᠠᠯ᠎ᠠ ᠶᠢᠨ ᠠᠵᠢᠯ ᠳᠤ  ᠪᠠᠨ ᠭᠢᠯᠠᠯᠵᠠᠮ᠎ᠠ ᠠᠮᠵᠢᠯᠲᠠ ᠣᠯᠤᠭᠰᠠᠨ ᠪᠠᠢᠨ᠎ᠠ ᠃ ᠪᠠᠶᠠᠷ ᠤᠨ ᠤᠴᠢᠷ ᠵᠢᠯ ᠵᠢᠯ ᠪᠠᠢᠳᠠᠭ ᠴᠤ ᠥᠩᠭᠡᠷᠡᠭᠰᠡᠨ ᠨᠢᠭᠡ ᠵᠢᠯ ᠳᠤ ᠣᠨᠴᠠ ᠤᠯᠠᠨ ᠪᠠᠢᠭᠰᠠᠨ ᠨᠢ ᠤᠯᠠᠭᠠᠨᠳᠠᠪᠠᠭ᠎ᠠ ᠰᠤᠷᠭᠠᠭᠤᠯᠢ ᠶᠢᠨ ᠲᠡᠦᠬᠡᠨ ᠲᠡᠮᠳᠡᠭᠯᠡᠯ ᠢ ᠡᠭᠦᠳᠦᠭᠰᠡᠨ ᠶᠤᠮ ᠃ ᠴᠠᠭ ᠲᠥᠷᠦ ᠶᠢᠨ ᠰᠠᠢᠨ ᠢᠶᠠᠷ ᠬᠢᠴᠢᠶᠡᠯᠯᠡᠬᠦ ᠠᠰᠠᠷ ᠲᠤ ᠨᠡᠬᠦᠭᠰᠡᠨ ᠡᠴᠡ ᠨᠠᠰᠢ ᠂ 2012 ᠣᠨ ᠳᠤ ᠬᠣᠶᠠᠷ ᠳᠠᠪᠬᠤᠷ ᠪᠠᠭᠰᠢ ᠶᠢᠨ ᠪᠠᠢᠷᠢ ᠶᠢᠨ ᠠᠰᠠᠷ ᠲᠠᠢ ᠪᠣᠯᠵᠤ ᠂ ᠲᠣᠭᠤᠭᠠᠨ ᠭᠡᠷ ᠂ ᠵᠣᠷᠯᠤᠩ ᠢᠶᠠᠨ ᠰᠢᠨᠡᠳᠬᠡᠨᠵᠠᠰᠠᠵᠦ ᠂ ᠴᠣ᠋ ᠰᠢᠨ᠎ᠡ ᠴᠠᠬᠢᠯᠭᠠᠨ ᠡᠵᠡᠮᠳᠡᠬᠦᠷ ᠡᠭᠦᠳᠡ ᠲᠠᠢ ᠪᠣᠯᠵᠤ ᠂ ᠰᠤᠷᠭᠠᠭᠤᠯᠢ ᠡᠷᠬᠢᠯᠡᠬᠦ ᠨᠥᠬᠦᠴᠡᠯ ᠢᠯᠡᠳᠲᠡ ᠰᠠᠢᠵᠢᠷᠠᠭᠰᠠᠨ ᠶᠤᠮ ᠃ ᠨᠥᠬᠦᠴᠡᠯ ᠤᠨ ᠰᠠᠢᠨ ᠳᠤ ᠵᠤᠷᠢᠭᠵᠢᠵᠦ ᠰᠡᠳᠭᠢᠯ ᠤᠨ ᠡᠷᠴᠢ ᠴᠢᠩᠭ᠎ᠠ ᠪᠠᠢᠳᠠᠭ ᠢᠶᠠᠷ ᠰᠤᠷᠭᠠᠭᠤᠯᠢ ᠶᠢᠨ ᠡᠯ᠎ᠡ ᠲᠠᠯ᠎ᠠ ᠶᠢᠨ ᠠᠵᠢᠯ ᠬᠥᠭᠵᠢᠶᠡᠨᠲᠡᠢ ᠪᠦᠲᠦᠮᠵᠢ ᠲᠠᠢ ᠶᠠᠪᠦᠭᠳᠠᠵᠦ ᠰᠡᠳᠭᠢᠯ ᠪᠠᠶᠠᠰᠤᠮ᠎ᠠ ᠠᠮᠵᠢᠯᠲᠠ ᠶᠢ ᠲᠡᠮᠡᠴᠡᠨ ᠣᠯᠤᠭᠰᠠᠨ ᠶᠤᠮ ᠃ ᠲᠤᠰ ᠵᠢᠯ ᠳᠤ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠤᠨ ᠤ 《 ᠰᠤᠷᠭᠠᠭᠤᠯᠢ  ᠶᠢᠨ ᠠᠮᠤᠷ ᠲᠦᠪᠰᠢᠨ ᠤ ᠠᠵᠢᠯ ᠤᠨ ᠲᠡᠷᠢᠭᠦᠨ ᠤ ᠬᠠᠮᠲᠤ ᠨᠢᠭᠡᠴᠡ 》 ᠪᠡᠷ ᠦᠨᠡᠯᠡᠭᠳᠡᠵᠦ ᠬᠥᠬᠢᠭᠦᠯᠦᠯ ᠬᠦᠷᠲᠡᠪᠡ ᠃ ᠲᠤᠰ ᠵᠢᠯ ᠳᠤ ᠬᠣᠰᠢᠭᠤᠨ ᠤ ᠰᠤᠷᠭᠠᠨ ᠬᠥᠮᠦᠵᠢᠯ ᠤᠨ ᠲᠤᠪᠴᠢᠶᠡᠨ ᠤ 《 ᠰᠤᠷᠭᠠᠭᠤᠯᠢ ᠶᠢᠨ ᠬᠠᠷᠠᠯᠳᠠᠳᠦ ᠬᠠᠮᠢᠶᠠᠷᠤᠯᠲᠠ ᠶᠢᠨ ᠲᠡᠷᠢᠭᠦᠨ ᠤ ᠬᠠᠮᠲᠤ ᠨᠡᠢᠲᠡ 》 ᠪᠡᠷ ᠦᠨᠡᠯᠡᠭᠳᠡᠵᠦ ᠬᠥᠬᠢᠭᠦᠯᠦᠯ ᠬᠦᠷᠲᠡᠪᠡ ᠃ ᠮᠥᠨ ᠲᠤᠰ ᠵᠢᠯ  ᠳᠤ ᠰᠤᠷᠭᠠᠨ ᠬᠥᠮᠦᠵᠢᠯ  ᠤᠨ ᠲᠤᠪᠴᠢᠶᠡᠨ ᠤ 《 ᠪᠠᠢᠭᠤᠯᠭ᠎ᠠ ᠶᠢᠨ ᠰᠤᠷᠲᠠᠯ ᠤᠨ ᠪᠦᠲᠦᠭᠡᠨ ᠪᠠᠢᠭᠤᠯᠤᠯᠲᠠ ᠶᠢᠨ ᠲᠡᠷᠢᠭᠦᠨ ᠤ ᠬᠠᠮᠲᠤ ᠨᠡᠢᠲᠡ 》 ᠪᠡᠷ ᠦᠨᠡᠯᠡᠭᠳᠡᠵᠦ ᠬᠥᠬᠢᠭᠦᠯᠦᠯ ᠬᠦᠷᠲᠡᠪᠡ ᠃ ᠠᠮᠵᠢᠯᠲᠠ ᠶᠢᠨ ᠡᠷᠴᠢᠨ ᠳᠤ ᠪᠠᠷᠠᠯᠠᠬᠤᠶ᠎ᠠ ᠂ ᠬᠣᠢᠰᠢᠳᠠ ᠶᠢᠨ ᠵᠠᠮ ᠰᠠᠷᠠᠭᠤᠯᠬᠠᠨ ᠪᠠᠢᠬ᠎ᠠ ︕

 

ᠵᠣᠬᠢᠶᠠᠭᠴᠢ ᠄  ᠰᠣᠶᠤᠯᠲᠤ

ᠡᠮᠦᠨᠡᠬᠢ ᠵᠣᠬᠢᠶᠠᠯᠦᠢᠯᠡᠰ  ᠤᠨ ᠴᠡᠩᠬᠡᠷ ᠬᠠᠷᠭᠤᠢ
ᠳᠠᠷᠠᠭᠠᠬᠢ ᠵᠣᠬᠢᠶᠠᠯᠵᠣᠬᠢᠶᠠᠯ ᠦᠭᠡᠢ ᠪᠣᠯᠵᠠᠢ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )
蒙ICP备14003075号
通信地址:巴林左旗教师进修学校蒙文部 哈那格尔 联系电话:13214869655
Copyright © www.balinedu.com All Right Reserved.内蒙古德力海信息技术有限公司技术支持